ᠤᠷᠠᠳ ᠤᠨ ᠡᠮᠦᠨᠡᠲᠦ ᠬᠤᠰᠢᠭᠤ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠷᠣᠭᠤᠯᠤᠨ ᠬᠤᠭᠤᠯᠠ ᠬᠦᠷᠭᠡᠭᠴᠢ᠂ ᠲᠦᠷᠭᠡᠨ ᠬᠦᠷᠭᠡᠭᠴᠢ  ᠳᠤ ᠠᠯᠪᠠᠨ ᠵᠢᠷᠤᠮ ᠤᠨ ᠡᠮᠴᠢᠯᠡᠭᠡ ᠬᠢᠯᠭᠡᠪᠡ
ᠨᠡᠶᠢᠲᠡᠯᠡᠭᠰᠡᠨ ᠴᠠᠭ᠄
2022/9/21
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠳ ᠦᠨᠳᠦᠰᠦᠲᠡᠨ ᠤ ᠨᠡᠶᠢᠭᠡᠮ ᠲᠣᠭᠤᠷᠢᠭ ᠲᠤ ᠬᠦᠷᠴᠦ᠂ ᠪᠥᠬᠦ ᠬᠤᠰᠢᠭᠤᠨ ᠤ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠲᠦᠷᠭᠡᠨ ᠬᠦᠷᠭᠡᠭᠴᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠪᠠᠷ ᠠᠵᠢᠯ ᠣᠯᠤᠭᠰᠠᠨ ᠬᠥᠮᠦᠰ᠂ ᠬᠡᠰᠡᠭ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ ᠬᠢᠵᠦ ᠥᠭᠪᠡ᠃     ᠲᠤᠬᠠᠶ ᠶᠢᠨ ᠲᠠᠯᠠᠪᠠᠶ ᠳᠤ ᠦᠨ᠎ᠡ ᠲᠥᠯᠥᠪᠦᠷᠢ ᠥᠬᠡᠶ ᠪᠠᠷ ᠴᠢᠰᠤᠨ ᠳᠠᠷᠤᠯᠲᠠ ᠶᠢ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ᠂ ᠥᠩᠭᠡᠲᠦ ᠬᠡᠲᠦ ᠳᠣᠯᠭᠢᠶᠠᠨ᠂ ᠵᠡᠭᠦᠦ ᠲᠥᠭᠡᠨᠡᠯᠭᠡ ᠵᠡᠷᠭᠡ ᠶᠢ ᠪᠠᠶᠢᠴᠠᠭᠠᠬᠤ ᠪᠠ ᠣᠨᠣᠰᠢᠯᠠᠨ ᠡᠮᠨᠡᠬᠦ ᠶᠢᠨ ᠬᠠᠮᠲᠤ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠤᠯᠢ ᠴᠠᠭᠠᠵᠠ ᠶᠢᠨ ᠡᠷᠬᠡ ᠠᠰᠢᠭ ᠢᠶᠠᠨ ᠬᠠᠮᠠᠭᠠᠯᠠᠬᠤ ᠵᠥᠪᠯᠡᠯᠭᠡ ᠥᠭᠬᠦ  ᠦᠢᠯᠡᠴᠢᠯᠡᠭᠡ ᠥᠷᠨᠢᠭᠦᠯᠵᠦ᠂ ᠪᠠᠰᠠ ᠲᠦᠷᠭᠡᠨ ᠬᠦᠷᠭᠡᠭᠴᠢ ᠳᠤ ᠠᠮᠠᠪᠴᠢ᠂ ᠭᠠᠷ ᠤᠬᠢᠶᠠᠬᠤ ᠠᠷᠢᠭᠤᠳᠬᠠᠬᠤ ᠴᠠᠷᠴᠠᠮᠠᠯ ᠴᠠᠪᠠᠤ᠂ ᠴᠠᠬᠢᠯᠭᠠᠨ ᠴᠡᠨᠡᠭᠯᠡᠬᠦ ᠡᠷᠳᠡᠨᠢ ᠶᠢ ᠪᠠᠭᠲᠠᠭᠠᠭᠰᠠᠨ ︽ᠬᠠᠶᠢᠷ᠎ᠠ ᠬᠠᠯᠠᠮᠵᠢ ᠶᠢᠨ ᠪᠣᠭᠴᠣ︾ ᠣᠯᠭᠤᠪᠠ      ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠨᠢ ᠪᠥᠬᠦ ᠬᠤᠰᠢᠭᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠪᠠᠷ ᠠᠵᠢᠯ ᠣᠯᠤᠭᠰᠠᠨ ᠬᠥᠮᠦᠰ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠭᠦᠢᠴᠡᠳ ᠬᠦᠷᠲᠡᠭᠡᠵᠦ᠂ ᠲᠡᠳᠡᠨ ᠤ ᠬᠠᠷᠢᠶᠠᠯᠠᠭᠳᠠᠬᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠶᠢ ᠨᠡᠮᠡᠭᠳᠡᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠷᠠᠳ ᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠵᠢᠨ ᠡᠷᠭᠢᠯᠡᠵᠦ᠂ ᠮᠤᠨᠠ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠪᠡ᠃ ᠲᠠᠷᠠᠭᠠᠴᠢ ᠶᠢᠨ ᠠᠯᠬᠤᠮ ᠳᠤ ᠤᠷᠠᠳ ᠤᠨ ᠡᠮᠦᠨᠡᠲᠦ ᠬᠤᠰᠢᠭᠤᠨ ᠤ 15 ᠨᠡᠶᠢᠭᠡᠮ ᠲᠣᠭᠤᠷᠢᠭ ᠲᠤ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠲᠦᠷᠭᠡᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ ᠵᠡᠷᠭᠡ ᠬᠥᠮᠦᠰ ᠲᠤ ︽ᠬᠠᠶᠢᠷ᠎ᠠ ᠬᠠᠯᠠᠮᠵᠢ ᠶᠢᠨ ᠥᠷᠲᠡᠭᠡ︾ ᠶᠢ ᠪᠠᠶᠢᠭᠤᠯᠵᠤ᠂ ᠠᠮᠠᠷᠠᠬᠤ ᠰᠢᠷᠡᠭᠡ ᠰᠠᠨᠳᠠᠯᠢ᠂ ᠤᠰᠤ ᠤᠮᠳᠠ ᠶᠢᠨ ᠮᠠᠰᠢᠨ᠂ ᠡᠮᠴᠢᠯᠡᠭᠡᠨ ᠤ ᠬᠠᠶᠢᠷᠴᠠᠭ ᠵᠡᠷᠭᠡ ᠲᠥᠬᠦᠭᠡᠷᠦᠮᠵᠢ ᠲᠣᠬᠢᠷᠠᠭᠤᠯᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠲᠤ ᠠᠯᠢ ᠣᠯᠠᠨ ᠬᠠᠯᠠᠭᠤᠨ ᠳᠤᠯᠠᠭᠠᠨ  ᠦᠢᠯᠡᠴᠢᠯᠡᠭᠡ ᠬᠠᠩᠭᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ