ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ 12 ᠳ᠋ᠤᠭᠠᠷ ᠤᠳᠠᠭᠠᠨ ᠤ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/21
      9 ᠰᠠᠷ᠎ᠠ ᠶᠢᠨ 19 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 12 ᠳ᠋ᠤᠭᠠᠷ ᠤᠳᠠᠭᠠᠨ ᠤ ᠰᠤᠷᠤᠯᠴᠠᠬᠤ ︵ᠥᠷᠭᠡᠳᠬᠡᠭᠰᠡᠨ︶ ᠬᠤᠷᠠᠯ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠤᠳᠤᠷᠢᠳᠬᠤ ᠺᠠᠳ᠋ᠷ ᠤᠨ ᠰᠤᠳᠤᠯᠤᠨ ᠶᠠᠷᠢᠯᠴᠠᠬᠤ ᠠᠩᠭᠢ ᠶᠢᠨ ᠶᠠᠷᠢᠶᠠᠨ ᠤ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠢᠪᠠ᠃     ᠬᠤᠰᠢᠭᠤᠨ ᠤ ᠤᠳᠤᠷᠢᠳᠤᠯᠭ᠎ᠠ  ᠶᠢᠨ ᠱᠠᠨ᠂ ᠷᠧᠨ ᠶᠢᠨ ᠮᠢᠩ᠂ ᠬᠤᠤ ᠮᠢᠨ᠂ ᠣᠷᠢᠬᠠᠨ᠂ ᠹᠠᠨ ᠵᠢᠶᠦ᠋ᠨ ᠬᠤᠶ᠂ ᠵᠠᠩ ᠶᠤᠸᠠᠢ ᠶᠢᠩ᠂ ᠬᠡᠷᠡᠯ ᠵᠢᠴᠢ ᠰᠠᠯᠠᠭ᠎ᠠ ᠮᠥᠴᠢᠷ ᠤᠨ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠠ ᠤᠬᠠᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠬᠡᠰᠡᠭ ᠨᠢᠭᠡᠴᠡ ᠵᠢᠴᠢ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ ᠬᠤᠷᠠᠯ ᠢ ᠡᠷᠭᠢᠯᠡᠪᠡ

理论学习.jpg

     ᠬᠤᠷᠠᠯ ᠠᠴᠠ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠴᠧᠨ ᠬᠠᠢ ᠶᠠᠨ ᠢ

ᠤᠷᠢᠵᠤ ︽ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ

ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠣᠳᠣᠷᠬᠠᠶᠢᠯᠠᠨ ᠥᠭᠦᠯᠡᠪᠡ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠨᠠᠮ ᠤᠨ

ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠵᠢᠶᠠ ᠬᠦᠢ ᠲᠢᠩ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾

ᠭᠡᠬᠦ ᠨᠣᠮ ᠤᠨ ᠳᠥᠷᠪᠡᠳᠦᠭᠡᠷ ᠪᠤᠳᠢ ᠶᠢᠨ ᠴᠠᠭ ᠦᠶ᠎ᠡ ᠶᠢᠨ ᠠᠬᠤᠢ ᠪᠠᠶᠢᠳᠠᠯ᠂ ᠴᠢᠬᠤᠯᠠ ᠶᠡᠭᠡ ᠤᠨᠤᠯ ᠤᠨ ᠦᠵᠡᠯᠲᠡ ᠵᠡᠷᠭᠡ ᠲᠠᠯ᠎ᠠ ᠠᠴᠠ ︽ᠰᠢ ᠶᠢᠨ ᠫᠢᠩ

ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠭᠤᠣᠯ ᠠᠭᠤᠯᠭ᠎ᠠ ᠳᠤ ᠨᠠᠷᠢᠨ ᠲᠠᠶᠢᠯᠤᠮᠵᠢ ᠬᠢᠭᠰᠡᠨ

ᠪᠥᠭᠡᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠲᠠᠯ᠎ᠠ ᠪᠠᠷ ᠳᠤᠮᠳᠠᠳᠤ ᠤᠯᠤᠰ ᠤᠨ ᠡᠪ

ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠠᠬᠢᠴᠠ ᠪᠣᠯᠤᠨ ᠦᠨᠳᠦᠰᠦᠨ ᠲᠤᠷᠰᠢᠯᠭ᠎ᠠ ᠳᠤ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠯᠲᠠ ᠬᠢᠵᠡᠢ᠃

     ᠬᠤᠷᠠᠯ ᠠᠴᠠ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ

ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠬᠤ︾ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂

ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠠ ᠲᠡᠮᠡᠴᠡᠯ ᠤᠨ ᠵᠣᠷᠢᠭ ᠢᠶᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠶᠢ ᠡᠷᠡᠰ ᠭᠤᠶᠢᠪᠢᠰᠢ ᠦᠭᠡᠢ ᠳᠠᠭᠠᠬᠤ ᠬᠡᠷᠡᠭᠲᠡᠢ᠃

ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠨᠢᠭᠡᠳᠦᠭᠡᠷ ᠭᠤᠤᠯ ᠰᠡᠳᠦᠪ᠂ ᠨᠢᠭᠡᠳᠦᠭᠡᠷ ᠵᠥᠪᠯᠡᠬᠦ ᠰᠡᠳᠦᠪ᠂ ᠨᠢᠭᠡᠳᠦᠭᠡᠷ ᠭᠤᠤᠯ ᠬᠢᠴᠢᠶᠡᠯ ᠪᠣᠯᠭᠠᠵᠤ᠂ ᠰᠤᠷᠤᠯᠴᠠᠨ

ᠣᠶᠢᠯᠠᠭᠠᠵᠤ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠰᠠᠶᠢᠲᠤᠷ ᠡᠵᠡᠮᠳᠡᠵᠦ᠂ ᠡᠭᠦᠨ ᠳᠤ

ᠲᠤᠭᠤᠰᠢᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂  ᠦᠢᠯᠡᠳᠦᠯᠬᠡ ᠪᠠᠨ ᠵᠢᠯᠣᠭᠤᠳᠣᠭᠤᠯᠤᠨ᠂ ᠪᠥᠬᠦ

ᠬᠤᠰᠢᠭᠤᠨ ᠤ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠶ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ

ᠨᠣᠮ ᠤᠨ ᠳᠥᠷᠪᠡᠳᠦᠭᠡᠷ ᠪᠤᠳᠢ ᠶᠢ ᠰᠤᠷᠤᠯᠴᠠᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠲᠠᠢ ᠦᠷᠭᠦᠯᠵᠢᠯᠡᠨ ᠤᠶᠠᠯᠳᠤᠭᠤᠯᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠤᠰᠢᠭᠤᠨ ᠤ ᠠᠵᠤ

ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ

ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ