ᠤᠷᠠᠳ ᠤᠨ ᠡᠮᠦᠨᠡᠲᠦ ᠬᠤᠰᠢᠭᠤᠨ ᠳᠤ ᠳᠤᠮᠳᠠᠳᠤ ᠶᠢᠨ ᠬᠠᠷᠢᠶᠠᠲᠤ ᠶᠢᠨ ᠲᠦᠷᠦᠯ ᠰᠠᠳᠤᠨ᠂ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/21
      ᠤᠢᠢᠷ᠎ᠠ ᠶᠢᠨ ᠡᠳᠦᠷ᠂ ︽ᠰᠡᠳᠬᠢᠯ ᠨᠢᠭᠡᠳᠦᠨ ᠬᠤᠷᠢᠳᠤᠭᠠᠷ ᠶᠡᠭᠡ ᠬᠤᠷᠠᠯ ᠢ ᠤᠭᠲᠤᠵᠤ᠂ ᠰᠢᠨ᠎ᠡ ᠠᠶᠠᠨ ᠳᠠᠭᠠᠨ ᠬᠠᠮᠲᠤ ᠪᠠᠷ ᠤᠷᠤᠭᠰᠢᠯᠠᠶ᠎ᠠ︾ ᠭᠡᠬᠦ ᠳᠤᠮᠳᠠᠳᠤ ᠶᠢᠨ ᠬᠠᠷᠢᠶᠠᠲᠤ ᠶᠢᠨ ᠲᠦᠷᠦᠯ ᠰᠠᠳᠤᠨ᠂ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠳᠤ ᠶᠠᠪᠤᠭᠳᠠᠪᠠ᠃      ᠶᠠᠷᠢᠯᠴᠠᠬᠤ ᠬᠤᠷᠠᠯ ᠳᠡᠭᠡᠷ᠎ᠡ᠂ ᠬᠠᠷᠢᠶᠠᠲᠤ ᠠᠬ᠎ᠠ ᠳᠡᠭᠦᠦ ᠨᠡᠷ ᠤᠨ ᠬᠡᠷ ᠪᠦᠯᠢ᠂ ᠨᠠᠮ ᠤᠨ ᠭᠠᠳᠠᠨᠠᠬᠢ ᠬᠥᠮᠦᠰ ᠤᠨ ᠲᠥᠯᠥᠭᠡᠯᠡᠭᠴᠢᠳ ᠤᠯᠠᠮᠵᠢᠯᠠᠯᠲᠤ ᠪᠠᠶᠠᠷ ᠤᠨ ᠡᠳᠦᠷ ᠢᠶᠠᠨ ᠬᠠᠮᠲᠤ ᠪᠠᠷ ᠪᠡᠯᠭᠡᠯᠡᠵᠦ᠂ ᠨᠤᠲᠤᠭ ᠤᠨ ᠰᠡᠳᠬᠢᠯᠭᠡ ᠪᠠᠨ ᠬᠠᠮᠲᠤ ᠪᠠᠷ ᠡᠷᠭᠢᠴᠡᠭᠦᠯᠪᠡ᠃ ᠤᠯᠠᠨ ᠢᠶᠠᠷ ᠢᠶᠠᠨ ᠣᠳᠣᠬᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠤᠷᠢᠨ ᠳᠤ᠂ ᠥᠪᠡᠷ ᠥᠪᠡᠷ ᠤᠨ ᠦᠵᠡᠯᠲᠡ᠂ ᠣᠶᠢᠯᠠᠭᠠᠯᠲᠠ᠂ ᠲᠦᠷᠦᠭᠳᠡᠯ ᠂ ᠨᠥᠬᠦᠷᠯᠡᠯ ᠢᠶᠠᠨ ᠶᠠᠷᠢᠵᠤ᠂ ᠨᠤᠲᠤᠭ ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠮᠠᠭᠲᠠᠨ ᠰᠠᠶᠢᠰᠢᠶᠠᠵᠤ᠂ ᠨᠤᠲᠤᠭ ᠤᠰᠤᠨ ᠤ ᠪᠠᠨ ᠬᠥᠭᠵᠢᠯᠲᠡ ᠲᠠᠪᠰᠢᠯᠳᠠ ᠳᠤ ᠠᠷᠭ᠎ᠠ ᠤᠬᠠᠭᠠᠨ ᠳᠡᠪᠰᠢᠭᠦᠯᠪᠡ᠃      ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠯᠠᠨ ᠤ ᠣᠯᠠᠨ ᠵᠢᠯ ᠤᠨ ᠲᠤᠷᠰᠢ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠡᠯ᠎ᠡ ᠡᠲᠡᠭᠡᠳ ᠤᠨ ᠲᠥᠯᠥᠭᠡᠯᠡᠭᠴᠢ ᠲᠣᠰ ᠲᠣᠰ ᠤᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠬᠡᠷ ᠪᠦᠯᠢ ᠪᠠᠨ ᠬᠠᠶᠢᠷᠠᠯᠠᠬᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠰᠠᠶᠢᠨ ᠲᠠᠭᠤᠨ ᠢ ᠴᠤᠤᠷᠢᠶᠠᠲᠤᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠵᠡᠰᠬᠦᠯᠡᠩᠲᠦ ᠰᠠᠶᠢᠬᠠᠨ ᠤᠷᠠᠳ ᠤᠨ ᠡᠮᠦᠨᠡᠲᠦ ᠬᠤᠰᠢᠭᠤ ᠶᠢ ᠪᠥᠲᠥᠭᠡᠨ ᠪᠠᠶᠢᠭᠤᠯᠬᠤ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ