ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠪᠠᠭᠤᠯᠭᠠᠪᠠ᠄ 12 ᠲᠤᠰᠬᠠᠶ ᠮᠡᠷᠭᠡᠵᠢᠯ ᠤᠨ ᠪᠠᠴᠢᠮ ᠱᠠᠭᠠᠷᠳᠠᠭᠳᠠᠵᠤ ᠪᠠᠶᠢᠭ᠎ᠠ  ᠴᠢᠳᠠᠪᠤᠷᠢᠲᠠᠨ  ᠢ  ᠬᠥᠮᠦᠵᠢᠭᠦᠯᠦᠨ᠎ᠡ︕
ᠨᠡᠶᠢᠲᠡᠯᠡᠭᠰᠡᠨ ᠴᠠᠭ᠄
2022/9/21
      ᠰᠤᠷᠪᠤᠯᠵᠢᠯᠠᠭᠴᠢ 9 ᠰᠠᠷ᠎ᠠ ᠶᠢᠨ 19 ᠤ ᠡᠳᠦᠷ  ᠰᠤᠷᠭᠠᠨ  ᠬᠥᠮᠦᠵᠢᠯ ᠤᠨ  ᠶᠠᠮᠤᠨ ᠠᠴᠠ  ᠣᠶᠢᠯᠠᠭᠠᠭᠰᠠᠨ  ᠢᠶᠠᠷ᠂ ᠰᠤᠷᠭᠠᠨ ᠬᠥᠮᠦᠵᠢᠯ ᠤᠨ ᠶᠠᠮᠤᠨ ᠦᠨᠦᠬᠡᠨ ︽ᠰᠢᠨ᠎ᠡ ᠬᠦᠳᠡᠭᠡ ᠠᠵᠦ ᠠᠬᠤᠢ ᠶᠢᠨ  ᠰᠢᠨᠵᠢᠯᠡᠬᠦ  ᠤᠬᠠᠭᠠᠨ ᠤ  ᠴᠢᠳᠠᠪᠤᠷᠢᠲᠠᠨ ᠢ‌‍ᠬᠥ᠋ᠮᠦᠵᠢᠭᠦᠯᠬᠦ ᠵᠢᠯᠤᠭᠤᠳᠤᠮᠵᠢ ᠶᠢᠨ ᠴᠢᠨᠠᠷᠲᠠᠶ  ᠲᠤᠰᠬᠠᠶ  ᠮᠡᠷᠭᠡᠵᠢᠯ ᠤᠨ  ᠵᠦᠭᠯᠡᠭᠦᠷ︾ ᠢ  ᠳᠠᠷᠤᠮᠠᠯᠯᠠᠨ  ᠲᠠᠷᠬᠠᠭᠠᠵᠤ᠂  ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨᠵᠢᠯᠡᠬᠦ  ᠤᠬᠠᠭᠠᠨ  ᠵᠡᠷᠭᠡ  12  ᠲᠤᠰᠬᠠᠶ  ᠮᠡᠷᠭᠡᠵᠢᠯ ᠢ  ᠰᠢᠨ᠎ᠡ  ᠬᠦᠳᠡᠭᠡ  ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠵᠢᠯᠤᠭᠤᠳᠤᠮᠵᠢ ᠶᠢᠨ  ᠴᠢᠨᠠᠷᠲᠠᠶ  ᠲᠤᠰᠬᠠᠶ  ᠮᠡᠷᠭᠡᠵᠢᠯ ᠳᠤ ᠣᠷᠣᠭᠤᠯᠪᠠ᠃ ᠵᠦᠭᠯᠡᠭᠦᠷ ᠲᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠪᠣᠯᠪᠠᠰᠤᠨ᠂ ᠣᠶᠤᠨᠴᠢ ᠲᠠᠷᠢᠶᠠᠯᠠᠩ᠂ ᠰᠢᠮ᠎ᠡ ᠲᠡᠵᠢᠭᠡᠯ  ᠬᠢᠭᠡᠳ  ᠡᠷᠡᠭᠦᠯ  ᠮᠡᠨᠳᠦ᠂  ᠬᠥᠳᠡᠭᠡ  ᠲᠣᠰᠬᠤᠨ ᠤ  ᠬᠥᠭᠵᠢᠯᠲᠡ  ᠵᠡᠷᠭᠡ  ᠲᠠᠪᠤᠨ  ᠶᠡᠭᠡ  ᠬᠦᠷᠢᠶᠡᠨ ᠳᠤ ᠬᠠᠨᠳᠤᠭᠤᠯᠤᠨ᠂ 12 ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠦᠮᠤᠵᠢᠭᠦᠯᠬᠦ ᠬᠥᠲᠥᠯᠥᠨ‌ᠵᠢᠯᠣᠭᠤᠳᠬᠤ ᠴᠢᠨᠠᠷᠲᠠᠶ ᠲᠤᠰᠬᠠᠶ ᠮᠡᠷᠭᠡᠵᠢᠯ ᠲᠤᠬᠢᠷᠠᠭᠤᠯᠪᠠ᠃              ᠡᠭᠦᠨ ᠳᠤ᠂ ᠠᠮᠤ ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠤ᠂ ᠠᠮᠢᠳᠤ ᠪᠣᠳᠠᠰ ᠤᠨ  ᠡᠭᠦᠯᠳᠡᠷ  ᠪᠤᠶᠢᠵᠢᠭᠤᠯᠬᠤ ᠰᠢᠨᠵᠢᠯᠡᠬᠦ ᠤᠬᠠᠭᠠᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ᠂ ᠭᠠᠵᠠᠷ  ᠰᠢᠷᠣᠶ ᠶᠢᠨ  ᠰᠢᠨᠵᠢᠯᠡᠬᠦ  ᠤᠬᠠᠭᠠᠨ ᠬᠢᠭᠡᠳ ᠮᠡᠷᠭᠡᠵᠢᠯ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷ᠎ᠠ ᠳᠤ  ᠠᠮᠢᠳᠤ ᠪᠣᠳᠠᠰ ᠤᠨ ᠰᠢᠨᠵᠢᠯᠡᠬᠦ ᠤᠬᠠᠭᠠᠨ ᠬᠢᠭᠡᠳ  ᠢᠨᠵᠧᠨᠧᠷᠢᠩ᠂  ᠠᠮᠢ  ᠠᠬᠤᠶ ᠶᠢ  ᠵᠠᠰᠠᠨ  ᠰᠡᠷᠭᠦᠭᠡᠬᠦ  ᠤᠬᠠᠭᠠᠨ᠂  ᠤᠯᠤᠰ ‍ᠤᠨ‌‍ᠴᠡᠴᠡᠷᠯᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠤᠰᠬᠠᠶ  ᠮᠡᠷᠭᠡᠵᠢᠯ ᠢ  ᠲᠣᠬᠢᠷᠠᠭᠤᠯᠤᠨ᠎ᠠ︔  ᠤᠶᠤᠨᠴᠢ ᠲᠠᠷᠢᠶᠠᠯᠠᠩ ᠤᠨ ᠬᠦᠷᠢᠶᠡᠨ ᠳᠤ᠂ ᠤᠶᠤᠨᠴᠢ ᠲᠠᠷᠢᠶᠠᠯᠠᠩ᠂ ᠲᠠᠷᠢᠶᠠᠯᠠᠩ ‍ᠤᠨ‌ᠤᠶᠤᠨᠴᠢ ᠲᠣᠨᠣᠭᠯᠠᠯ ᠤᠨ ᠢᠨᠵᠧᠨᠧᠷᠢᠩ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠬᠦᠷᠢᠶᠡᠨ ᠳᠤ  ᠢᠳᠡᠭᠡᠨ ᠤ  ᠰᠢᠮ᠎ᠡ  ᠲᠡᠵᠢᠭᠡᠯ  ᠪᠠ ᠡᠷᠡᠭᠦᠯ ᠮᠡᠨᠳᠦ᠂ ᠮᠠᠯ ᠡᠮᠨᠡᠯᠭᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠲᠤᠰᠬᠠᠶ  ᠮᠡᠷᠭᠡᠵᠢᠯ ᠢ  ᠲᠣᠬᠢᠷᠠᠭᠤᠯᠤᠨ᠎ᠠ︔ ᠬᠥᠳᠡᠭᠡ ᠲᠣᠰᠬᠤᠨ ᠤ ᠬᠥᠭᠵᠢᠯᠲᠡ ᠶᠢᠨ ᠬᠦᠷᠢᠶᠡᠨ ᠳᠤ᠂ ᠬᠥᠳᠡᠭᠡ ᠲᠣᠰᠬᠤᠨ ᠤ ᠵᠠᠰᠠᠯᠲᠠ᠂ ᠪᠦᠬᠦ ᠪᠥᠮᠪᠥᠷᠴᠡᠭ  ᠤᠨ  ᠬᠦᠳᠡᠭᠡ ᠠᠵᠦ ᠠᠬᠤᠢ ᠶᠢᠨ ᠬᠥᠭᠵᠢᠯᠲᠡ ᠶᠢᠨ ᠵᠠᠰᠠᠯᠲᠠ ᠶᠢᠨ ᠲᠤᠰᠬᠠᠶ ᠮᠡᠷᠭᠡᠵᠢᠯ ᠲᠣᠬᠢᠷᠠᠭᠤᠯᠤᠨ᠎ᠠ᠃            ᠣᠶᠢᠯᠠᠭᠠᠭᠰᠠᠨ ᠢᠶᠠᠷ᠂ ᠵᠦᠭᠯᠡᠭᠦᠷ ᠢ ᠨᠡᠶᠢᠲᠡᠯᠡᠭᠰᠡᠨ ᠨᠢ ᠲᠤᠰᠬᠠᠶ  ᠮᠡᠷᠭᠡᠵᠢᠯ ᠤᠨ  ᠲᠣᠬᠢᠷᠠᠭᠤᠯᠤᠯᠲᠠ  ᠬᠢᠭᠡᠳ  ᠠᠵᠤ‌ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ  ᠠᠭᠤᠰᠤᠯᠴᠠᠯ᠂  ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ ᠬᠥᠲᠥᠯᠥᠨ  ᠳᠠᠭᠠᠭᠤᠯᠵᠤ  ᠪᠠᠶᠢᠭᠠᠳ  ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠢ ᠲᠣᠬᠢᠷᠠᠭᠤᠯᠬᠤ ᠶᠢᠨ ᠲᠤᠰᠠᠲᠠ  ᠶᠤᠮ᠃  ᠰᠤᠷᠭᠠᠨ ᠬᠥᠮᠦᠵᠢᠯ ᠤᠨ ᠶᠠᠮᠤᠨ  ᠢᠯᠡᠷᠬᠡᠶᠢᠯᠡᠬᠦ ᠳᠡᠭᠡᠨ᠂  ᠬᠥᠲᠥᠯᠥᠨ  ᠵᠢᠯᠣᠭᠤᠳᠬᠤ  ᠴᠢᠨᠠᠷᠲᠠᠶ  ᠲᠤᠰᠬᠠᠶ  ᠮᠡᠷᠭᠡᠵᠢᠯ ᠤᠨ  ᠭᠠᠷᠴᠠᠭ ᠢ ᠬᠥᠳᠡᠯᠦᠩᠭᠦᠶ ᠪᠠᠷ  ᠲᠣᠬᠢᠷᠠᠭᠤᠯᠬᠤ  ᠲᠣᠭᠲᠠᠴᠠ ᠶᠢ  ᠪᠠᠶᠢᠭᠤᠯᠤᠨ  ᠪᠦᠷᠢᠨᠰᠢᠬᠦᠯᠵᠤ᠂  ᠰᠢᠨᠵᠢᠯᠡᠭᠡᠨ ᠤ   ᠰᠠᠯᠠᠭ᠎ᠠ   ᠲᠤᠰᠬᠠᠶ ᠮᠡᠷᠭᠡᠵᠢᠯ ᠤᠨ  ᠬᠥᠭᠵᠢᠯᠲᠡ ᠶᠢᠨ  ᠵᠢᠮ᠎ᠡ  ᠶᠣᠰᠣ ᠶᠢ  ᠵᠢᠷᠤᠮᠯᠠᠨ᠂  ᠬᠦᠳᠡᠭᠡ  ᠠᠵᠦ   ᠠᠬᠤᠢ ᠶᠢᠨ   ᠠᠵᠤ   ᠦᠢᠯᠡᠰ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠶᠢ ᠴᠠᠭ ᠲᠤᠬᠠᠶ ᠳᠤᠨᠢ ᠴᠤᠤᠷᠢᠶᠠᠲᠤᠨ  ᠳᠠᠭᠠᠵᠤ᠂  ᠪᠣᠯᠭᠤᠮᠵᠢᠲᠠᠶ  ᠨᠤᠲᠠᠯᠠᠯᠲᠠ  ᠬᠢᠵᠦ᠂ᠵᠦᠭᠯᠡᠭᠦᠷ ᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ᠎ᠡ ᠬᠡᠵᠠᠢ᠃
ᠢᠷᠡᠯᠲᠡ᠄ ᠠᠷᠠᠳ ᠤᠨ ᠰᠦᠯᠵᠢᠶ᠎ᠡ