ᠳᠡᠭᠡᠳᠦ ᠰᠤᠷᠭᠠᠭᠤᠯᠢ ᠨᠤᠭᠤᠳ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠢᠨ᠎ᠡ ᠰᠤᠷᠤᠭᠴᠢᠳ ᠲᠤ ᠰᠤᠷᠭᠠᠭᠤᠯᠢ ᠳᠤ ᠣᠷᠣᠬᠤ ︽ᠰᠠᠭᠠᠳ ᠥᠬᠡᠶ ᠵᠠᠮ ︾  ᠲᠠᠯᠪᠢᠵᠦ ᠥᠭᠬᠦ ᠬᠡᠷᠡᠭᠲᠡᠶ ᠭᠡᠵᠦ  ᠰᠤᠷᠭᠠᠨ  ᠬᠥᠮᠦᠵᠢᠯ  ᠤᠨ ᠶᠠᠮᠤᠨ ᠱᠠᠭᠠᠷᠳᠠᠪᠠ
ᠨᠡᠶᠢᠲᠡᠯᠡᠭᠰᠡᠨ ᠴᠠᠭ᠄
2022/9/21
      ᠰᠤᠷᠪᠤᠯᠵᠢᠯᠠᠭᠴᠢ 9  ᠰᠠᠷ᠎ᠠ ᠶᠢᠨ  19 ᠤ  ᠡᠳᠦᠷ  ᠰᠤᠷᠭᠠᠨ  ᠬᠥᠮᠦᠵᠢᠯ ᠤᠨ  ᠶᠠᠮᠤᠨ ᠠᠴᠠ ᠣᠶᠢᠯᠠᠭᠠᠭᠰᠠᠨ ᠢᠶᠠᠷ᠂2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢ  ᠵᠣᠭᠤᠰ ᠢᠶᠠᠷ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠤᠯᠠᠲᠠ᠂  ᠰᠤᠷᠭᠠᠨ  ᠬᠥᠮᠦᠵᠢᠯ ᠤᠨ  ᠶᠠᠮᠤᠨ  ᠦᠨᠦᠬᠡᠨ  ᠮᠡᠳᠡᠭᠳᠡᠯ  ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ᠰᠢᠨ᠎ᠡ ᠰᠣᠷᠣᠭᠴᠢ ᠶᠢᠨ ᠰᠤᠷᠭᠠᠭᠤᠯᠢ ᠳᠤ  ᠣᠷᠣᠬᠤ  ︽ᠰᠠᠭᠠᠳ ᠥᠬᠡᠶ ᠵᠠᠮ︾ ᠢ ᠪᠥᠬᠦ ᠲᠠᠯ᠎ᠠ ᠪᠠᠷ ᠨᠡᠪᠲᠡᠷᠡᠭᠦᠯᠵᠦ᠂ ᠬᠡᠷ ᠤᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ  ᠨᠢᠭᠡᠪᠦᠷᠢ ᠶᠢ  ᠴᠥᠮ ᠤᠷᠤᠭᠰᠢᠲᠠᠶ ᠪᠠᠷ ᠰᠤᠷᠭᠠᠭᠤᠯᠢ ᠳᠤ ᠣᠷᠣᠭᠤᠯᠵᠤ᠂ ᠰᠡᠳᠬᠢᠯ ᠠᠮᠤᠷ ᠰᠤᠷᠤᠯᠴᠠᠬᠤ ᠶᠢ ᠦᠨᠡᠨ ᠬᠦ ᠪᠠᠲᠤᠯᠠᠬᠤ  ᠬᠡᠷᠡᠭᠲᠡᠶ  ᠭᠡᠵᠦ ᠱᠠᠭᠠᠷᠳᠠᠪᠠ᠃              ᠰᠤᠷᠭᠠᠨ ᠬᠥᠮᠦᠵᠢᠯ ᠤᠨ ᠶᠠᠮᠤᠨ ᠵᠢᠭᠠᠵᠦ ᠭᠠᠷᠭᠠᠭᠰᠠᠨ ᠨᠢ᠂ ᠡᠨᠡ ᠵᠢᠯ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ  ᠤᠯᠠᠨ  ᠭᠠᠵᠠᠷ ᠲᠤ  ᠲᠠᠷᠬᠠᠨ  ᠳᠡᠯᠭᠡᠷᠡᠭᠰᠡᠨ  ᠪᠠ  ᠦᠶᠡᠷ᠂  ᠭᠠᠩ  ᠬᠠᠭᠰᠠᠷᠠᠭᠠᠨ ᠳᠠᠪᠬᠤᠴᠠᠭᠰᠠᠨ ᠵᠡᠷᠭᠡ ᠨᠥᠯᠥᠭᠡ ᠠᠴᠠ ᠪᠤᠯᠵᠤ᠂ ᠬᠡᠰᠡᠭ ᠭᠡᠷ  ᠪᠦᠯᠢ  ᠠᠮᠢᠳᠤᠷᠠᠯ ᠤᠨ  ᠬᠦᠴᠢᠷᠳᠡᠯ ᠳᠤ  ᠲᠤᠯᠭᠠᠷᠠᠪᠠ᠃  ᠡᠯ᠎ᠡ ᠳᠡᠭᠡᠳᠦ  ᠰᠤᠷᠭᠠᠭᠤᠯᠢ ᠨᠢ  ᠵᠣᠬᠢᠶᠠᠨ  ᠪᠠᠶᠢᠭᠤᠯᠤᠯᠲᠠ   ᠤᠳᠤᠷᠢᠳᠤᠯᠭ᠎ᠠ  ᠪᠠ  ᠰᠠᠯᠠᠭ᠎ᠠ  ᠮᠥᠴᠢᠷ ᠤᠨ   ᠬᠠᠮᠵᠢᠯᠴᠠᠭ᠎ᠠ ᠪᠠᠨ ᠴᠢᠩᠭᠠᠷᠠᠭᠤᠯᠵᠤ᠂ ᠬᠡᠷ ᠪᠦᠯᠢ ᠶᠢᠨ ᠠᠵᠤ  ᠠᠬᠤᠶ ᠨᠢ  ᠬᠦᠴᠢᠷᠳᠡᠯᠲᠡᠶ  ᠰᠢᠨ᠎ᠡ  ᠰᠣᠷᠣᠭᠴᠢ ᠶᠢᠨ  ᠰᠤᠷᠭᠠᠭᠤᠯᠢ ᠳᠤ  ᠣᠷᠣᠬᠤ ᠠᠵᠢᠯ ᠢ ᠨᠢᠮᠪᠠᠶ ᠰᠠᠶᠢᠲᠤᠷ ᠬᠢᠵᠦ᠂  ᠰᠢᠨ᠎ᠡ  ᠰᠣᠷᠣᠭᠴᠢ ᠶᠢᠨ  ᠨᠡᠷ᠎ᠡ  ᠮᠡᠳᠡᠭᠦᠯᠬᠦ  ᠠᠬᠤᠢ  ᠲᠠᠯᠠᠪᠠᠶ ᠳᠤ  ︽ᠰᠠᠭᠠᠳ  ᠥᠬᠡᠶ ᠵᠠᠮ︾ ᠤᠨ ᠲᠤᠰᠬᠠᠶ ᠲᠣᠭᠤᠷᠢᠭ ᠪᠠᠶᠢᠭᠤᠯᠤᠨ᠂ ᠨᠡᠷ᠎ᠡ ᠮᠡᠳᠡᠭᠦᠯᠬᠦ ᠭᠠᠷᠳᠠᠮ ᠢ ᠳᠥᠭᠦᠮᠴᠢᠯᠡᠵᠦ᠂ ᠠᠵᠢᠯ  ᠶᠠᠪᠤᠳᠠᠯ  ᠬᠦᠢᠴᠡᠳᠬᠡᠬᠦ ᠦᠷ᠎ᠡ  ᠪᠦᠲᠦᠮᠵᠢ ᠶᠢ  ᠳᠡᠭᠡᠭᠰᠢᠯᠡᠭᠦᠯᠦᠨ᠂  ᠰᠣᠷᠣᠭᠴᠢ ᠶᠢᠨ   ᠬᠤᠪᠢ ᠶᠢᠨ   ᠨᠢᠭᠤᠴᠠ ᠶᠢ   ᠬᠠᠮᠠᠭᠠᠯᠠᠵᠤ᠂   ᠭᠤᠶᠤᠴᠢᠯᠠᠯ ᠳᠤᠷᠠᠳᠤᠭᠰᠠᠨ ᠪᠥᠭᠡᠳ ᠨᠥᠬᠦᠴᠡᠯ ᠳᠤ ᠨᠡᠶᠢᠴᠡᠬᠦ ᠬᠡᠷ  ᠪᠦᠯᠢ ᠶᠢᠨ  ᠠᠵᠤ  ᠠᠬᠤᠶ ᠨᠢ  ᠬᠦᠴᠢᠷᠳᠡᠯᠲᠡᠶ  ᠰᠢᠨ᠎ᠡ  ᠰᠣᠷᠣᠭᠴᠢ ︽ᠰᠠᠭᠠᠳ ᠥᠬᠡᠶ ᠵᠠᠮ︾ ᠢᠶᠠᠷ ᠳᠡᠮᠵᠢᠨ ᠤᠷᠤᠭᠰᠢᠲᠠᠶ ᠰᠤᠷᠭᠠᠭᠤᠯᠢ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠣᠳᠠᠲᠤ ᠪᠠᠶᠢᠳᠠᠯ ᠢᠶᠠᠨ ᠦᠨᠳᠦᠰᠦᠯᠡᠨ ᠤᠨᠴᠠᠭᠠᠢ ᠬᠦᠴᠢᠷᠳᠡᠯ ᠲᠠᠢ ᠰᠤᠷᠤᠭᠴᠢᠳ ᠲᠤ ᠬᠦᠴᠢᠷᠳᠡᠯ ᠤᠨ ᠲᠤᠰᠠᠯᠠᠮᠵᠢ  ᠪᠣᠯᠤᠨ  ᠴᠢᠬᠤᠯᠠ ᠪᠦᠬᠦᠢ  ᠠᠮᠢᠳᠤᠷᠠᠯ ᠤᠨ  ᠬᠡᠷᠡᠭᠰᠡᠯ  ᠣᠯᠭᠤᠵᠤ᠂  ᠲᠡᠳᠡᠨ ᠢ  ᠰᠤᠷᠭᠠᠭᠤᠯᠢ ᠳᠤ  ᠤᠷᠤᠭᠰᠠᠨ ᠤ  ᠳᠠᠷᠠᠭ᠎ᠠ  ᠰᠡᠳᠬᠢᠯ   ᠠᠮᠤᠷ ᠰᠤᠷᠤᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃             ᠰᠤᠷᠭᠠᠨ ᠬᠥᠮᠦᠵᠢᠯ ᠤᠨ ᠶᠠᠮᠤᠨ ᠱᠠᠭᠠᠷᠳᠠᠭᠰᠠᠨ ᠨᠢ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ  ᠬᠡᠷ  ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠯᠠᠪᠳᠠᠭᠤᠨ  ᠪᠠᠲᠤᠲᠠᠶ  ᠰᠠᠶᠢᠲᠤᠷ  ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠ ᠦᠶᠡᠷ  ᠤᠰᠤᠳᠤᠯ᠂  ᠭᠠᠩ ᠤᠨ  ᠪᠠᠶᠢᠳᠠᠯ  ᠵᠡᠷᠭᠡ ᠨᠥᠯᠥᠭᠡ ᠶᠢ ᠭᠥᠷᠳᠡᠭᠰᠡᠨ ᠰᠣᠷᠣᠭᠴᠢ ᠶᠢᠨ ᠪᠠᠶᠢᠳᠠᠯ ᠢ ᠪᠥᠬᠦ  ᠲᠠᠯ᠎ᠠ ᠪᠠᠷ  ᠤᠶᠢᠯᠠᠭᠠᠵᠦ᠂  ᠰᠣᠷᠣᠭᠴᠢ ᠶᠢᠨ  ᠬᠡᠷ  ᠪᠦᠯᠢ ᠶᠢᠨ ᠬᠤᠪᠢᠷᠠᠯᠲᠠ ᠶᠢᠨ ᠪᠠᠶᠢᠳᠠᠯ ᠢ ᠡᠵᠡᠮᠰᠢᠨ᠂ ᠨᠥᠬᠦᠴᠡᠯ ᠳᠤ ᠨᠡᠶᠢᠴᠡᠬᠦ ᠰᠣᠷᠣᠭᠴᠢ ᠶᠢ ᠴᠠᠭ ᠲᠤᠬᠠᠶ ᠳᠤᠨᠢ ᠵᠣᠭᠤᠰ ᠢᠶᠠᠷ ᠲᠤᠰᠠᠯᠠᠬᠤ ᠬᠡᠪᠴᠢᠶᠡᠨ ᠳᠤ ᠣᠷᠣᠭᠤᠯᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ ᠶᠢ ᠲᠤᠰᠠᠯᠠᠪᠠᠰᠤ ᠵᠣᠬᠢᠬᠤ  ᠶᠢ ᠨᠢ ᠪᠦᠬᠦᠨ ᠢ ᠲᠤᠰᠠᠯᠠᠬᠤ ᠶᠢ ᠦᠨᠡᠨ  ᠬᠦ  ᠪᠠᠲᠤᠯᠠᠬᠤ  ᠬᠡᠷᠡᠭᠲᠡᠶ᠃  ᠡᠯ᠎ᠡ  ᠭᠠᠵᠠᠷ ᠤᠨ  ᠡᠯ᠎ᠡ  ᠳᠡᠭᠡᠳᠦ  ᠰᠤᠷᠭᠠᠭᠤᠯᠢ ᠨᠤᠭᠤᠳ‌ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ  ᠵᠢᠭᠡᠯᠡᠯᠭᠡ  ᠶᠢ  ᠭᠠᠷᠲᠠᠨ  ᠡᠷᠬᠢᠯᠡᠬᠦ  ᠪᠠᠩᠬᠢ ᠲᠠᠢ  ᠬᠠᠮᠲᠤᠷᠠᠨ᠂  ᠤᠯᠤᠰ ‍ᠤᠨ‌‍ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ  ᠨᠠᠶᠢᠳᠠᠪᠤᠷᠢᠵᠢᠭᠤᠯᠵᠤ᠂  ᠵᠢᠭᠡᠯᠡᠯᠭᠡ ᠵᠢᠴᠢ ᠬᠡᠷᠡᠭᠯᠡᠬᠦ ᠬᠡᠪᠴᠢᠶ᠎ᠡ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠰᠤᠷᠤᠭᠴᠢᠳ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠵᠢ‌ᠵᠦ᠋ᠢ ᠵᠣᠬᠢᠰᠲᠠᠶ ᠲᠣᠭᠲᠠᠭᠠᠨ᠂ ᠰᠤᠷᠤᠭᠴᠢᠳ ᠤᠨ ᠪᠣᠳᠠᠲᠤ ᠬᠡᠷᠡᠭᠴᠡᠭᠡ ᠶᠢ ᠦᠨᠡᠨᠬᠦ ᠬᠠᠩᠭᠠᠵᠤ᠂  ᠰᠤᠷᠤᠭᠴᠢᠳ ᠢ  ᠬᠥᠲᠥᠯᠥᠨ‌ᠵᠢᠯᠣᠭᠤᠳᠴᠤ ᠪᠠᠶᠢᠭᠠᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠭᠤᠯᠵᠤ᠂ ᠴᠢᠷᠮᠠᠶᠢᠨ ᠰᠤᠷᠤᠯᠴᠠᠭᠤᠯᠬᠤ ᠬᠡᠷᠡᠭᠲᠡᠶ᠃ 2022 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠠᠵᠢᠯ ᠢ ᠰᠠᠶᠢᠲᠤᠷ ᠬᠢᠵᠦ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ  ᠰᠤᠷᠤᠭᠴᠢᠳ ᠤᠨ ᠠᠵᠤ ᠠᠬᠤᠶ ᠶᠢᠨ ᠳᠠᠷᠤᠯᠲᠠ ᠶᠢ ᠨᠠᠮᠳᠠᠭᠤᠯᠬᠤ ᠬᠡᠷᠡᠭᠲᠡᠶ᠃ 
ᠢᠷᠡᠯᠲᠡ᠄ ᠠᠷᠠᠳ ᠤᠨ ᠰᠦᠯᠵᠢᠶ᠎ᠡ