ᠰᠤᠳᠠᠯ ᠤᠨ ᠬᠤᠳᠳᠤᠭ ᠪᠠᠯᠭᠠᠰᠤ᠄ ᠪᠣᠯᠪᠠᠰᠤᠨ ᠦᠢᠯᠡᠳᠦᠯᠭᠡ ᠶᠢᠨ ᠥᠷᠲᠡᠭᠡ ᠶᠢᠨ ︽ᠳᠠᠭᠤᠨ︾ ᠬᠥᠮᠦᠰ ᠤᠨ ᠰᠡᠳᠬᠢᠯ ᠳᠤ ᠬᠠᠳᠠᠩᠰᠢᠪᠠ
ᠨᠡᠶᠢᠲᠡᠯᠡᠭᠰᠡᠨ ᠴᠠᠭ᠄
2022/9/22
      ᠡᠨᠡ ᠵᠢᠯ ᠠᠴᠠ ᠨᠠᠭᠠᠰᠢ᠂  ᠰᠤᠳᠠᠯ ᠤᠨ ᠬᠤᠳᠳᠤᠭ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ︽ᠲᠣᠮᠣ ᠯᠠᠪᠠᠷ ︾ ᠤᠨ ᠲᠠᠪᠴᠠᠩ ᠤᠨ ᠦᠢᠯᠡᠳᠦᠯ ᠢ ᠭᠤᠤᠯᠳᠠᠯᠭ᠎ᠠ ᠲᠠᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠪᠣᠯᠪᠠᠰᠤᠨ ᠦᠢᠯᠡᠳᠦᠯᠭᠡ ᠶᠢᠨ ᠥᠷᠲᠡᠭᠡ ᠶᠢᠨ ᠨᠡᠪᠲᠡᠷᠡᠭᠦᠯᠭᠡ ᠶᠢᠨ ᠠᠭᠤᠯᠭ᠎ᠠ ᠶᠢ ᠰᠠᠶᠢᠲᠤᠷ ᠬᠡᠷᠡᠭᠯᠡᠬᠦ ᠪᠠᠷ ᠭᠤᠤᠯᠳᠠᠯᠭ᠎ᠠ ᠪᠣᠯᠭᠠᠵᠤ᠂ ᠪᠠᠰᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠨᠠᠮ ᠤᠨ ᠬᠤᠷᠢᠶᠠᠨ ᠤ ᠱᠦᠵᠢ ᠶᠢᠨ ᠬᠢᠵᠢᠭ ᠢ ᠰᠡᠷᠭᠡᠶᠢᠯᠡᠬᠦ ᠲᠤᠬᠠᠶ ᠬᠡᠯᠡᠭᠰᠡᠨ ᠦᠭᠡ︾᠂ ︽ᠨᠠᠮ ᠤᠨ ᠬᠤᠷᠢᠶᠠᠨ ᠤ ᠱᠦᠵᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠬᠡᠯᠡᠭᠰᠡᠨ ᠦᠭᠡ︾ ᠵᠡᠷᠭᠡ ᠪᠤᠯᠤᠩ ᠢ ᠭᠠᠷᠭᠠᠵᠤ᠂ ᠨᠠᠮ ᠤᠨ ᠬᠤᠷᠢᠶᠠᠨ ᠤ ᠱᠦᠵᠢ  ᠠᠴᠠ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ ᠴᠢᠬᠤᠯᠠ ᠣᠨᠣᠯ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ︽ᠲᠤᠬᠠᠶ ᠶᠢᠨ ᠭᠠᠵᠠᠷ ᠤᠨ ᠶᠠᠪᠤᠳᠠᠯ︾ ᠂ ︽ᠰᠢᠨ᠎ᠡ ᠶᠠᠪᠤᠳᠠᠯ︾᠂ ︽ᠤᠯᠤᠰ ᠤᠨ ᠶᠠᠪᠤᠳᠠᠯ︾ ᠢ ᠰᠠᠶᠢᠲᠤᠷ ᠶᠠᠷᠢᠪᠠ᠃     ᠰᠤᠳᠠᠯ ᠤᠨ ᠬᠤᠳᠳᠤᠭ ᠪᠠᠯᠭᠠᠰᠤ ︽ᠬᠡᠯᠡᠬᠦ ᠭᠡᠰᠡᠨ︾ ᠪᠠ ᠣᠯᠠᠨ ᠲᠦᠮᠡᠨ ᠤ ︽ᠰᠣᠨᠣᠰᠬᠤ ᠭᠡᠰᠡᠨ︾ ᠢ ᠣᠷᠭᠠᠨᠢᠭ ᠢᠶᠠᠷ ᠤᠶᠠᠯᠳᠤᠭᠤᠯᠵᠤ᠂ ᠪᠤᠯᠤᠩ ᠤᠨ ᠰᠡᠳᠦᠪ ᠤᠨ ᠰᠣᠩᠭᠤᠯᠲᠠ ᠶᠢᠨ ᠲᠠᠯ᠎ᠠ ᠪᠠᠷ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠪᠠ ᠨᠡᠶᠢᠭᠡᠮ ᠤᠨ ᠬᠠᠯᠠᠭᠤᠨ ᠴᠡᠭ ᠤᠨ ᠲᠣᠭᠤᠷᠢᠨ ᠳᠤ ᠲᠣᠬᠢᠷᠠᠭᠤᠯᠪᠠ᠃ ᠡᠬᠡ ᠪᠢᠴᠢᠭ ᠤᠨ ᠰᠣᠩᠭᠤᠯᠲᠠ ᠶᠢᠨ ᠲᠠᠯ᠎ᠠ ᠪᠠᠷ᠂ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ ᠤᠬᠠᠭᠤᠯᠤᠨ ᠲᠠᠶᠢᠯᠪᠤᠷᠢᠯᠠᠬᠤ ᠡᠬᠡ ᠪᠢᠴᠢᠭ ᠲᠤᠭᠤᠷᠪᠢᠵᠤ᠂ ᠣᠷᠣᠨ ᠨᠤᠲᠤᠭ ᠤᠨ ᠣᠨᠴᠠᠯᠢᠭ ᠪᠠ ᠭᠠᠵᠠᠷ ᠣᠷᠣᠨ ᠤ ᠣᠨᠴᠠᠯᠢᠭ ᠢ ᠳᠣᠪᠤᠶᠢᠯᠭᠠᠵᠤ᠂ ᠡᠬᠡ ᠪᠢᠴᠢᠭ ᠢᠶᠠᠨ ᠦᠭᠡ ᠥᠭᠦᠯᠡᠪᠦᠷᠢ ᠳᠠᠷᠠᠭᠠᠯᠠᠨ ᠦᠷᠦᠵᠦ᠂ ᠳᠠᠬᠢᠨ ᠳᠠᠪᠲᠠᠨ ᠲᠤᠷᠰᠢᠨ ᠶᠠᠷᠢᠵᠤ᠂ ᠤᠬᠠᠭᠤᠯᠤᠨ ᠲᠠᠶᠢᠯᠪᠤᠷᠢᠯᠠᠬᠤ ᠡᠬᠡ ᠪᠢᠴᠢᠭ ᠨᠢᠭᠡᠪᠦᠷᠢ ᠶᠢ ︽ᠰᠢᠯᠢᠳᠡᠭ ᠤᠨ ᠬᠡᠮᠵᠢᠶ᠎ᠡ︾ ᠲᠠᠢ ᠪᠥᠭᠡᠳ ︽ᠳᠣᠲᠣᠨᠣᠰᠤᠭ ᠬᠦᠴᠦᠨ︾ ᠲᠠᠢ ᠪᠣᠯᠭᠠᠪᠠ᠃      ︽ᠨᠠᠮ ᠤᠨ ᠬᠤᠷᠢᠶᠠᠨ ᠤ ᠱᠦᠵᠢ ᠶᠢᠨ ᠶᠡᠭᠡ ᠯᠠᠪᠠᠷ ᠢᠶᠠᠷ ᠶᠠᠷᠢᠬᠤ︾ ᠶᠢ ᠰᠠᠶᠢᠲᠤᠷ ᠬᠢᠵᠦ᠂ ᠨᠡᠩ ᠤᠯᠠᠨ ᠬᠥᠮᠦᠨ ᠳᠤ ᠨᠠᠮ ᠤᠨ ᠳᠠᠭᠤᠨ ᠢ ᠰᠣᠨᠣᠰᠬᠠᠬᠤ ᠶᠢᠨ ᠲᠥᠯᠥᠭᠡ᠂ ᠰᠤᠳᠠᠯ ᠤᠨ ᠬᠤᠳᠳᠤᠭ ᠪᠠᠯᠭᠠᠰᠤ ᠪᠠᠰᠠ ᠰᠦᠯᠵᠢᠶᠡᠨ ᠤ ᠲᠠᠪᠴᠠᠩ ᠤᠨ ᠦᠢᠯᠡᠳᠦᠯ ᠢᠶᠠᠨ ᠪᠠᠳᠠᠷᠠᠭᠤᠯᠵᠤ᠂ ᠤᠳᠤ ᠪᠠᠶᠢᠭ᠎ᠠ ᠵᠢᠷᠭᠢᠶ᠎ᠡ ᠶᠢᠨ ᠵᠢᠭᠰᠠᠭᠠᠯ ᠪᠣᠯᠤᠨ ᠵᠢᠷᠭᠢᠶ᠎ᠡ ᠶᠢᠨ ᠸᠢᠳᠢᠣ᠋ ᠶᠢᠨ ᠨᠣᠮᠧᠷ ᠲᠤ ᠲᠦᠰᠢᠭᠯᠡᠨ᠂ ︽ᠨᠠᠮ ᠤᠨ ᠬᠤᠷᠢᠶᠠᠨ ᠤ ᠱᠦᠵᠢ ᠶᠢᠨ ᠶᠡᠭᠡ ᠯᠠᠪᠠᠷ ᠢᠶᠠᠷ  ᠶᠠᠷᠢᠬᠤ︾ ᠠᠭᠤᠯᠭ᠎ᠠ ᠶᠢ ᠣᠬᠤᠷ ᠸᠢᠳᠢᠣ᠋ ᠪᠣᠯᠭᠠᠨ ᠰᠦᠯᠵᠢᠶᠡᠨ ᠤ ᠲᠠᠪᠴᠠᠩ ᠳᠤ ᠣᠷᠣᠭᠤᠯᠵᠤ᠂ ︽ᠵᠦᠪ ᠳᠠᠭᠤᠨ︾ ᠢᠶᠠᠷ ᠨᠡᠩ ᠤᠯᠠᠨ ᠬᠥᠮᠦᠰ᠂ ᠨᠡᠩ ᠥᠷᠭᠡᠨ ᠣᠷᠣᠨ ᠪᠦᠰᠡ ᠶᠢ  ᠨᠦᠯᠦᠭᠡᠯᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ