ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠣᠪᠠ
ᠨᠡᠶᠢᠲᠡᠯᠡᠭᠰᠡᠨ ᠴᠠᠭ᠄
2022/9/22
      ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠲᠥᠰᠦᠯ︾ ︵ᠶᠢᠰᠦᠳᠦᠭᠡᠷ ᠬᠡᠪᠯᠡᠯ︶ ᠪᠣᠯᠤᠨ ︽2022 ᠣᠨ ᠤ ᠤᠯᠤᠰ ᠤᠨ ᠪᠠᠶᠠᠷ ᠤᠨ ᠠᠮᠠᠷᠠᠯᠲᠠ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 2022 ᠣᠨ ᠤ 9 ᠰᠠᠷ᠎ᠠ ᠶᠢᠨ 20 ᠤ ᠡᠳᠦᠷ ᠂ ᠲᠣᠰ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠵᠢᠴᠢ ᠡᠯ᠎ᠡ ᠨᠠᠰᠤᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃     ᠬᠤᠷᠠᠯ ᠳᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ  ᠤᠨ ᠬᠠᠷᠢᠭᠤᠴᠠᠯᠭᠠᠲᠠᠨ ᠢ ᠤᠷᠢᠵᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠲᠥᠰᠦᠯ︾ ︵ᠶᠢᠰᠦᠳᠦᠭᠡᠷ ᠬᠡᠪᠯᠡᠯ︶ ᠤᠨ ᠲᠤᠬᠠᠶ ᠭᠤᠤᠯᠳᠠᠯᠭ᠎ᠠ ᠲᠠᠢ ᠲᠠᠶᠢᠯᠪᠤᠷᠢᠯᠠᠯᠲᠠ ᠬᠢᠯᠭᠡᠵᠦ᠂ ᠶᠡᠷᠦᠩᠬᠡᠶ ᠱᠠᠭᠠᠷᠳᠠᠯᠭ᠎ᠠ᠂ ᠡᠪᠡᠳᠴᠢᠨ ᠡᠭᠦᠰᠭᠡᠭᠴᠢ ᠶᠢᠨ ᠰᠤᠳᠤᠯᠤᠯ ᠪᠠ ᠲᠠᠬᠤᠯ ᠡᠪᠡᠳᠴᠢᠨ ᠤ ᠰᠤᠳᠤᠯᠤᠯ ᠤᠨ ᠣᠨᠴᠠᠯᠢᠭ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠭᠤᠤᠯᠳᠠᠯᠭ᠎ᠠ ᠲᠠᠢ ᠭᠤᠭᠴᠤᠭ᠎ᠠ ᠶᠢ ᠰᠡᠷᠭᠡᠶᠢᠯᠡᠨ ᠡᠵᠡᠮᠳᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠵᠠᠳᠠᠯᠤᠯᠲᠠ ᠬᠢᠵᠦ᠂ ᠠᠵᠢᠯᠲᠠᠳ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠪᠠ᠃      ᠡᠬᠦᠨ ᠠᠴᠠ ᠭᠠᠳᠠᠨ᠎ᠠ ᠪᠠᠰᠠ ︽ᠲᠤᠯᠤᠭᠠᠨ ᠠᠯᠬᠤᠮ ᠢᠶᠠᠷ ᠭᠠᠷ ᠤᠬᠢᠶᠠᠬᠤ ᠠᠷᠭ᠎ᠠ︾᠂ ᠠᠮᠠᠪᠴᠢ ᠶᠢ ᠵᠥᠪ ᠣᠨᠣᠪᠴᠢᠲᠠᠶ ᠵᠡᠭᠦᠬᠦ ᠠᠷᠭ᠎ᠠ ᠂ ᠬᠠᠮᠠᠭᠠᠯᠠᠯᠲᠠ ᠶᠢᠨ ᠬᠤᠪᠴᠠᠰᠤ᠂ ᠲᠤᠰᠠᠭᠠᠷᠯᠠᠬᠤ ᠬᠤᠪᠴᠠᠰᠤ᠂ ᠮᠠᠯᠠᠭᠠᠶ᠂ ᠬᠠᠮᠠᠭᠠᠯᠠᠯᠲᠠ ᠶᠢᠨ ᠪᠠᠭ᠂ ᠠᠮᠠᠪᠴᠢ᠂ ᠪᠡᠭᠡᠯᠡᠶ᠂ ᠱᠠᠬᠠᠶ ᠶᠢᠨ ᠳᠤᠭᠲᠤᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠤᠨ ᠡᠮᠦᠰᠴᠦ ᠲᠠᠶᠢᠯᠬᠤ ᠶᠠᠪᠤᠴᠠ᠂ ᠠᠷᠭ᠎ᠠ ᠵᠢᠴᠢ ᠠᠩᠬᠠᠷᠬᠤ  ᠵᠦᠢᠯᠡᠰ ᠢ ᠳᠡᠯᠭᠡᠨ ᠦᠵᠡᠭᠦᠯᠵᠡᠶ᠃     ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠠᠴᠠ ᠴᠢᠬᠤᠯᠠᠴᠢᠯᠠᠭᠰᠠᠨ ᠨᠢ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠨᠠᠰᠤᠵᠢᠯ ᠤᠨ ᠦᠢᠯᠡᠴᠢᠯᠡᠭᠡ᠂ ᠬᠡᠦᠬᠡᠳ ᠤᠨ ᠠᠰᠠᠷᠠᠮᠵᠢ᠂ ᠲᠡᠨᠦᠭᠦᠴᠢᠯᠡᠨ ᠭᠤᠶᠢᠷᠠᠨᠴᠢᠯᠠᠵᠤ ᠠᠪᠤᠷᠠᠨ ᠲᠤᠰᠠᠯᠠᠬᠤ ᠵᠡᠷᠭᠡ ᠡᠯ᠎ᠡ ᠲᠦᠷᠦᠯ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠡᠳᠦᠷ ᠲᠤᠲᠤᠮ ᠤᠨ ᠠᠷᠢᠭᠤᠳᠬᠠᠯ᠂ ᠲᠤᠰᠠᠭᠠᠷᠯᠠᠬᠤ ᠲᠠᠯᠠᠪᠤᠷ ᠭᠠᠵᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠦᠢᠯᠡᠴᠢᠯᠡᠬᠦ ᠡᠲᠡᠭᠡᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ  ᠬᠡᠪᠡ ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ