ᠣᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ ᠥᠭᠪᠡ
ᠨᠡᠶᠢᠲᠡᠯᠡᠭᠰᠡᠨ ᠴᠠᠭ᠄
2022/9/22
     ᠤᠢᠢᠷ᠎ᠡ ᠶᠢᠨ ᠡᠳᠦᠷ ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠲᠠᠢ ᠬᠠᠮᠲᠤᠷᠠᠨ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠂ ︽ᠲᠠᠶᠢᠰᠠᠨ ᠳᠡᠭᠡᠷᠡᠬᠢ + ᠲᠠᠶᠢᠰᠠᠨ ᠳᠣᠣᠷᠠᠬᠢ︾ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠤ ᠳᠡᠷᠭᠡᠳᠡ  ᠬᠦᠷᠭᠡᠬᠦ ᠠᠵᠢᠯᠯᠠᠭ᠎ᠠ ᠦᠷᠨᠢᠬᠦᠯᠪᠡ᠃     ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠤᠯᠠᠭᠠᠨᠮᠥ᠋ᠴᠢᠷ ᠵᠢᠴᠢ ᠪᠤᠭᠤᠲᠤ ᠬᠤᠲᠠ ᠶᠢᠨ ᠾᠧᠩ ᠸᠧᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ  ᠬᠠᠮᠲᠣᠷᠠᠨ  ᠰᠢ ᠰᠢᠶᠣᠣ ᠵᠣᠣ ᠪᠠᠯᠭᠠᠰᠤᠨ ᠤ ᠰᠢ ᠵᠢᠦᠢ ᠽᠢ ᠲᠣᠰᠬᠤᠨ ᠤ ᠡᠮᠡᠭᠲᠡᠶᠢᠴᠦᠳ ᠲᠤ ᠠᠵᠤ ᠠᠬᠤᠶᠢᠯᠠᠯ ᠤᠨ ᠬᠢᠨ ᠤ ᠬᠠᠨᠳᠢᠪᠯᠠᠭᠰᠠᠨ 2 ᠲᠦᠮᠡ ᠭᠠᠷᠤᠶ ᠲᠥᠭᠦᠷᠢᠭ ᠤᠨ ᠲᠣᠬᠤᠨᠢᠭᠤᠯᠬᠤ ᠪᠣᠳᠠᠰ ᠬᠦᠷᠭᠡᠭᠦ ᠶᠢᠨ ᠬᠠᠮᠲᠣ ᠲᠡᠳᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ  ᠭᠠᠷᠭᠠᠵᠤ ᠤᠶᠤᠨ ᠤ ᠠᠮᠢᠳᠣᠷᠠᠯ ᠢ ᠨᠢ  ᠪᠠᠶᠠᠯᠢᠭᠵᠢᠭᠤᠯᠪᠠ᠃ ᠡᠬᠦᠨ ᠠᠴᠠ ᠭᠠᠳᠠᠨ᠎ᠠ ᠪᠠᠰᠠ ᠥᠪᠥᠷ ᠮᠣᠩᠭᠤᠯ ᠤᠨ ᠲᠢᠶᠠᠨ ᠢᠦᠶ ᠶᠤᠸᠠᠨ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠮᠤᠨᠠ ᠠᠭᠤᠯᠠ ᠪᠠᠯᠭᠠᠰᠤᠨ ᠤ ᠳ᠋ᠦᠩ ᠰᠢᠩ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠡᠮᠡᠭᠲᠡᠶᠢᠴᠦᠳ ᠲᠤ 7000 ᠭᠠᠷᠤᠶ ᠲᠥᠭᠦᠷᠢᠭ ᠤᠨ ᠲᠣᠬᠤᠨᠢᠭᠤᠯᠬᠤ ᠪᠣᠳᠠᠰ ᠬᠦᠷᠭᠡᠪᠡ᠃    ᠡᠨᠡ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤ ᠠᠵᠢᠯ ᠤᠨ ᠪᠣᠳᠠᠲᠠᠶ ᠲᠠᠢ ᠪᠠᠨ ᠣᠶᠠᠯᠳᠣᠭᠤᠯᠣᠨ ᠡᠮᠡᠭᠲᠡᠶᠢᠴᠦᠳ ᠬᠡᠦᠬᠡᠳ ᠢᠶᠠᠷ ᠭᠤᠣᠯ ᠦᠢᠯᠡᠴᠢᠯᠡᠬᠦ ᠡᠲᠡᠭᠡᠳ ᠢᠶᠠᠨ  ᠪᠣᠯᠭᠠᠵᠤ ᠂  ︽ᠪᠢ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠬᠦ ︾ ᠪᠠᠷ ᠬᠠᠷᠠᠯᠲᠠ ᠪᠠᠨ ᠪᠤᠯᠭᠠᠨ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ ᠂ ᠠᠵᠢᠯᠯᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠦᠷᠭᠡᠳᠭᠡᠨ᠂ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ  ᠨᠡᠮᠡᠭᠳᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ