ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠨᠢᠭᠡ︶
ᠨᠡᠶᠢᠲᠡᠯᠡᠭᠰᠡᠨ ᠴᠠᠭ᠄
2022/9/22
        ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ     649 ᠳ᠋ᠤᠭᠡᠷ ᠳᠤᠭᠠᠳᠤ                 ︽ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ︾ ᠶᠢ ᠤᠳᠤ ᠨᠡᠶᠢᠳᠡᠯᠡᠶ᠎ᠡ᠂ 2014 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠵᠤ ᠭᠡᠷᠡᠭᠵᠢᠬᠦᠯᠦᠨ᠎ᠠ᠃                                                                  ᠶᠡᠷᠦᠩᠭᠡᠢ ᠰᠠᠶᠢᠳ ᠯᠢ ᠺᠧ ᠴᠢᠶᠠᠩ                                                                                2014 ᠤᠨ ᠤ 2 ᠰᠠᠷ᠎ᠠ ᠶᠢᠨ 21 ᠤ ᠡᠳᠤᠷ          ᠨᠢᠭᠡᠳᠦᠭᠡᠷ ᠪᠦᠯᠦᠭ   ᠶᠡᠷᠦᠩᠭᠡᠢ ᠳᠦᠷᠢᠮ                 ᠨᠢᠬᠡᠳᠦᠭᠡᠷ ᠵᠦᠢᠯ   ᠨᠡᠶᠢᠭᠡᠮ ᠤᠨ ᠠᠪᠤᠷᠠᠨ ᠳᠤᠰᠠᠯᠠᠯᠳᠠ ᠶᠢ ᠴᠢᠩᠭᠠᠳᠬᠠᠵᠤ᠂ ᠡᠷᠭᠡᠳᠤ ᠠᠷᠠᠳ ᠤᠨ  ᠦᠨᠳᠦᠰᠤᠨ ᠠᠮᠢᠳᠤᠷᠠᠯ ᠢ ᠪᠠᠳᠤᠯᠠᠨ᠂ ᠨᠡᠶᠢᠭᠡᠮ ᠤᠨ ᠡᠷᠭᠡ ᠳᠡᠭᠰᠢ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠯ  ᠪᠣᠯᠤᠨ  ᠳᠤᠭᠳᠠᠭᠤᠨ ᠢ ᠬᠠᠮᠠᠭᠠᠯᠠᠬᠤ ᠶᠢᠨ ᠳᠤᠰᠠᠳᠠ᠂ ᠦᠨᠳᠦᠰᠦᠨ ᠬᠠᠤᠯᠢ ᠶᠢ ᠦᠨᠳᠦᠰᠦᠯᠡᠨ ᠳᠤᠰ ᠠᠷᠭ᠎ᠠ ᠶᠢ  ᠳᠤᠭᠳᠠᠭᠠᠪᠠ᠃             ᠬᠤᠶᠠᠳᠤᠭᠠᠷ ᠵᠦᠢᠯ   ᠨᠡᠶᠢᠬᠡᠮ ᠤᠨ ᠠᠪᠤᠷᠠᠨ ᠳᠤᠰᠠᠯᠠᠬᠤ ᠲᠦᠷᠢᠮ ᠨᠢ ᠨᠠᠭᠠᠳᠤ ᠵᠠᠬ᠎ᠠ ᠶᠢ ᠪᠠᠲᠤᠯᠠᠬᠤ᠂  ᠪᠠᠴᠢᠮ  ᠬᠦᠴᠢᠷᠳᠡᠯ ᠢ ᠠᠪᠤᠷᠠᠬᠤ᠂ ᠦᠷᠬᠦᠯᠵᠢᠯᠡᠬᠦ ᠶᠢ ᠪᠠᠷᠢᠮᠲᠠᠯᠠᠵᠤ᠂ ᠪᠤᠰᠤᠳ ᠨᠠᠶᠢᠬᠡᠮ ᠤᠨ ᠪᠠᠲᠤᠯᠠᠪᠤᠷᠢ ᠶᠢᠨ  ᠲᠦᠷᠢᠮ ᠲᠠᠢ  ᠠᠪᠤᠴᠠᠯᠳᠤᠵᠤ᠂ ᠨᠡᠶᠢᠬᠡᠮ ᠤᠨ ᠠᠪᠤᠷᠠᠨ ᠲᠤᠰᠠᠯᠠᠬᠤ ᠲᠦᠪᠰᠢᠨ ᠢ ᠠᠵᠤ ᠠᠬᠤᠢ ᠨᠡᠶᠢᠬᠡᠮ ᠤᠨ  ᠬᠦᠭᠵᠢᠯᠲᠡ ᠶᠢᠨ  ᠲᠦᠪᠰᠢᠨ ᠯᠦᠭᠡ ᠵᠤᠬᠢᠴᠠᠭᠤᠯᠤᠨ᠎ᠠ᠃ ᠨᠡᠶᠢᠬᠡᠮ ᠤᠨ ᠠᠪᠤᠷᠠᠨ ᠲᠤᠰᠠᠯᠠᠬᠤ ᠠᠵᠢᠯ ᠨᠢ ᠡᠷᠬᠡᠪᠰᠢ  ᠢᠯᠡ ᠳᠤᠳᠤ᠂ ᠡᠷᠬᠡ  ᠳᠡᠭᠰᠢ᠂ ᠲᠦᠪ ᠭᠤᠤᠯᠴᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠨ᠎ᠠ᠃                ᠭᠤᠷᠪᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ ᠨᠢ  ᠪᠦᠬᠦ ᠤᠯᠤᠰ ᠤᠨ ᠨᠡᠶᠢᠭᠡᠮ ᠤᠨ ᠠᠪᠤᠷᠠᠨ ᠳᠤᠰᠠᠯᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ  ᠨᠢᠭᠡᠳᠦᠯᠳᠡᠢ ᠳᠦᠯᠦᠪᠯᠡᠨ᠎ᠡ᠃ ᠳᠦᠷᠦ ᠶᠢᠨ ᠶᠠᠪᠤᠳᠠᠯ ᠤᠨ ᠬᠤᠷᠢᠶᠠᠨ ᠤ ᠠᠷᠡᠳ ᠤᠨ ᠶᠠᠪᠤᠳᠠᠯ ᠤᠨ ᠶᠠᠮᠤᠨ᠂ ᠡᠷᠡᠬᠦᠯ  ᠬᠠᠮᠠᠭᠠᠯᠠᠯ ᠪᠠ  ᠳᠦᠯᠦᠪᠯᠡᠭᠡᠳᠤ ᠦᠷᠡᠵᠢᠯ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠤᠷᠤᠨ ᠰᠠᠭᠤᠴᠠ ᠪᠠ  ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠬᠦᠮᠦᠨ ᠤ ᠬᠦᠴᠤᠨ ᠤ ᠡᠬᠢ ᠪᠠᠶᠠᠯᠢᠭ ᠪᠠ  ᠨᠡᠶᠢᠭᠡᠮ ᠤᠨ ᠪᠠᠳᠤᠯᠠᠪᠤᠷᠢ ᠶᠢᠨ  ᠶᠠᠮᠤᠨ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ  ᠪᠠᠨ ᠵᠤᠬᠢᠴᠠᠬᠤᠢᠢᠴᠠ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠬᠤᠰᠢᠭᠤ  ᠰᠢᠶᠠᠨ ᠤ ᠱᠠᠳᠤᠨ ᠠᠴᠠ ᠳᠡᠭᠡᠭᠰᠢᠬᠢ  ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ  ᠶᠠᠪᠤᠳᠠᠯ᠂ ᠡᠷᠡᠬᠦᠯ ᠬᠠᠮᠠᠭᠠᠯᠠᠯ ᠪᠡ  ᠳᠦᠯᠦᠪᠯᠡᠭᠡᠳᠤ ᠦᠷᠡᠵᠢᠯ᠂ ᠰᠤᠷᠭᠠᠨ ᠬᠦᠮᠦᠵᠢᠯ᠂ ᠤᠷᠤᠨ ᠰᠠᠭᠤᠴᠠ ᠪᠠ  ᠬᠤᠳᠠ ᠬᠦᠳᠡᠭᠡ ᠶᠢᠨ ᠪᠦᠳᠦᠭᠡᠨ  ᠪᠠᠶᠢᠭᠤᠯᠤᠯᠳᠠ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ  ᠪᠠᠳᠤᠯᠠᠪᠤᠷᠢ ᠵᠡᠷᠭᠡ ᠰᠠᠯᠠᠭ᠎ᠠ ᠮᠦᠴᠢᠷ ᠨᠢ  ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ ᠵᠤᠬᠢᠴᠠᠬᠤᠢᠢᠴᠠ ᠳᠤᠰ  ᠵᠠᠰᠠᠭ ᠵᠠᠬᠢᠷᠭᠠᠨ ᠤ ᠤᠷᠤᠨ ᠤ ᠬᠠᠷᠢᠶᠠᠨ ᠳᠠᠬᠢ  ᠨᠡᠶᠢᠭᠡᠮ ᠤᠨ ᠠᠪᠤᠷᠠᠨ ᠳᠤᠰᠠᠠᠯᠠᠬᠤ ᠬᠠᠮᠢᠶᠠᠷᠤᠯᠳᠠ ᠶᠢᠨ ᠠᠵᠢᠯ ᠢ  ᠬᠠᠷᠢᠭᠤᠴᠠᠨ᠎ᠠ᠃ ᠡᠮᠤᠨ᠎ᠠ ᠬᠤᠶᠠᠷ ᠵᠦᠢᠯ ᠳᠤ  ᠳᠤᠷᠠᠳᠤᠭᠰᠠᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠡᠶᠢᠳᠡᠮ  ᠳᠤ ᠨᠢ ᠨᠡᠶᠢᠭᠡᠮ ᠤᠨ ᠠᠪᠤᠷᠠᠨ ᠳᠤᠰᠠᠯᠠᠬᠤ  ᠬᠠᠮᠢᠶᠠᠷᠤᠯᠳᠠ ᠶᠢᠨ ᠰᠠᠯᠠᠭ᠎ᠠ ᠮᠦᠴᠢᠷ ᠭᠡᠨ᠎ᠡ᠃              ᠳᠦᠷᠪᠡᠳᠦᠭᠡᠷ ᠵᠦᠢᠯ   ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ  ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠯᠳᠠ ᠳᠤ ᠬᠤᠯᠪᠤᠭᠳᠠᠬᠤ  ᠭᠤᠶᠤᠴᠢᠯᠠᠯᠳᠠ ᠶᠢ ᠬᠦᠯᠢᠶᠡᠨ  ᠠᠪᠤᠨ᠂ ᠪᠠᠶᠢᠴᠠᠭᠠᠨ ᠬᠢᠨᠠᠵᠤ᠂ ᠪᠤᠳᠠᠳᠠᠢ ᠠᠵᠢᠯ ᠢ ᠨᠡᠶᠢᠭᠡᠮ ᠤᠨ ᠠᠪᠤᠷᠠᠨ  ᠳᠤᠰᠠᠯᠠᠬᠤ ᠶᠢ ᠬᠦᠢᠴᠡᠳᠭᠡᠬᠦ ᠪᠠᠶᠢᠭᠤᠯᠤᠮᠵᠢ ᠡᠰᠡᠬᠦᠯ᠎ᠡ ᠭᠠᠷᠳᠠᠨ ᠬᠦᠢᠴᠡᠳᠭᠡᠬᠦ ᠬᠦᠮᠦᠰ ᠳᠠᠭᠠᠭᠠᠨ ᠬᠠᠷᠢᠭᠤᠴᠠᠨ᠎ᠠ᠃  ᠭᠠᠴᠠᠭ᠎ᠠ ᠳᠤᠰᠬᠤᠨ ᠤ ᠠᠷᠠᠳ ᠤᠨ ᠵᠦᠪᠯᠡᠯ᠂  ᠰᠠᠭᠤᠭᠠᠯᠢ ᠠᠷᠠᠳ ᠤᠨ ᠵᠦᠪᠯᠡᠯ ᠨᠢ ᠨᠡᠶᠢᠭᠡᠮ ᠤᠨ ᠠᠪᠤᠷᠠᠨ  ᠳᠤᠰᠠᠯᠠᠬᠤ ᠠᠵᠢᠯ ᠢ ᠳᠡᠮᠵᠢᠨ ᠳᠤᠰᠠᠯᠠᠵᠤ ᠰᠠᠶᠢᠳᠤᠷ ᠬᠢᠬᠦ ᠭᠡᠷᠡᠭᠳᠡᠢ᠃                 ᠳᠠᠪᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ  ᠨᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ  ᠬᠦᠭᠵᠢᠯᠳᠡ ᠶᠢᠨ  ᠳᠦᠯᠦᠪᠵᠢᠬᠦᠯᠦᠭᠡ ᠳᠤ ᠤᠷᠤᠭᠤᠯᠵᠤ᠂ ᠵᠠᠰᠠᠭ ᠤᠨ ᠤᠷᠳᠤᠨ ᠤᠳᠤᠷᠢᠳᠤᠨ᠂ ᠠᠷᠠᠳ ᠤᠨ  ᠶᠠᠪᠤᠳᠠᠯ ᠤᠨ ᠰᠠᠯᠠᠭ᠎ᠠ ᠮᠦᠴᠢᠷ ᠳᠤᠯᠤᠭᠠᠢᠢᠯᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠤ᠂  ᠨᠡᠶᠢᠭᠡᠮ ᠤᠨ ᠬᠦᠴᠤᠨ ᠤᠷᠤᠯᠴᠠᠭᠰᠠᠨ ᠂ ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠵᠤᠬᠢᠴᠠᠭᠤᠯᠬᠤ  ᠳᠤᠭᠳᠠᠴᠠ ᠶᠢ ᠪᠠᠶᠢᠭᠤᠯᠤᠨ ᠳᠡᠬᠦᠯᠳᠡᠷᠵᠬᠦᠯᠵᠤ᠂ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ᠂ ᠡᠳ᠋  ᠪᠤᠳᠠᠰ ᠤᠨ ᠪᠠᠳᠤᠯᠠᠭ᠎ᠠ ᠶᠢᠨ ᠳᠤᠭᠳᠠᠴᠠ ᠶᠢ ᠪᠦᠷᠢᠨᠰᠢᠬᠦᠯᠦᠨ᠂  ᠵᠠᠰᠠᠭ ᠤᠨ ᠤᠷᠳᠤᠨ ᠤ ᠳᠤᠬᠢᠷᠠᠭᠤᠯᠤᠭᠰᠠᠨ  ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠪᠤᠯᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠵᠠᠷᠤᠳᠠᠯ ᠢ  ᠡᠳ᠋ ᠤᠨ ᠵᠠᠰᠠᠭ ᠤᠨ ᠳᠦᠰᠦᠪ ᠲᠤ ᠤᠷᠤᠭᠤᠯᠪᠠᠯ ᠵᠤᠬᠢᠨ᠎ᠠ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠶᠢ  ᠳᠤᠰᠬᠠᠢ ᠳᠦᠷᠦᠯ ᠢᠶᠠᠷ ᠬᠠᠮᠢᠶᠠᠷᠬᠤ ᠶᠢ ᠭᠡᠷᠡᠭᠵᠢᠬᠦᠯᠦᠨ᠂ ᠳᠠᠩᠰᠠ ᠬᠤᠪᠢᠶᠠᠨ  ᠳᠤᠭᠠᠴᠠᠭ᠎ᠠ ᠬᠢᠵᠤ᠂ ᠳᠤᠰᠬᠠᠢ  ᠵᠤᠭᠤᠰ ᠢ ᠳᠤᠰᠬᠠᠢ ᠳᠦᠷᠦᠯ ᠵᠦᠢᠯ ᠳᠤ ᠨᠢ ᠵᠠᠷᠤᠨ᠂ ᠶᠠᠮᠠᠷᠪᠠ ᠪᠠᠶᠢᠭᠤᠯᠤᠯᠭ᠎ᠠ ᠨᠢᠭᠡᠴᠡ ᠪᠠ ᠬᠤᠪᠢ ᠬᠦᠮᠦᠨ  ᠡᠵᠡᠯᠡᠬᠦ ᠪᠤᠶᠤ ᠨᠡᠬᠦᠯᠭᠡᠨ ᠭᠡᠷᠡᠭᠯᠡᠵᠤ ᠪᠤᠯᠬᠤ ᠦᠭᠡᠢ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ  ᠮᠦᠡᠭᠬᠦ ᠶᠢ  ᠭᠠᠷᠭᠠᠵᠤ ᠦᠭᠬᠦ ᠳᠡᠭᠡᠨ ᠡᠳ᠋ ᠤᠨ ᠵᠠᠰᠠᠭ ᠤᠨ ᠤᠯᠤᠰ ᠤᠨ ᠰᠠᠩ ᠤᠨ ᠬᠠᠮᠢᠶᠠᠷᠤᠯᠳᠠ ᠶᠢᠨ ᠬᠤᠯᠪᠤᠭᠳᠠᠯ  ᠪᠦᠬᠦᠢ  ᠳᠤᠭᠳᠠᠭᠠᠯ ᠢᠶᠠᠷ ᠭᠡᠷᠡᠭᠵᠢᠬᠦᠯᠬᠦ ᠭᠡᠷᠡᠭᠳᠡᠢ᠃              ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ  ᠨᠢ ᠤᠯᠤᠰ ᠤᠨ ᠨᠢᠭᠡᠳᠤᠯᠳᠡᠢ ᠳᠦᠯᠦᠪᠵᠢᠬᠦᠯᠦᠭᠡ ᠶᠤᠰᠤᠭᠠᠷ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ  ᠴᠢᠮᠡᠭᠡ  ᠵᠠᠩᠬᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠠᠪᠤᠷᠠᠨ ᠳᠤᠰᠠᠯᠠᠬᠤ ᠴᠢᠮᠡᠭᠡ ᠵᠠᠩᠬᠢ ᠶᠢ ᠬᠠᠷᠢᠯᠴᠠᠨ  ᠬᠤᠯᠪᠤᠨ  ᠨᠡᠪᠳᠡᠷᠡᠬᠦᠯᠵᠤ᠂ ᠡᠬᠢ ᠪᠠᠶᠠᠯᠢᠭ ᠢ ᠬᠠᠮᠳᠤᠪᠠᠷ ᠡᠳ᠋ᠯᠡᠬᠦ ᠭᠡᠷᠡᠭᠳᠡᠢ᠃               ᠳᠤᠯᠤᠳᠤᠭᠠᠷ ᠵᠦᠢᠯ   ᠤᠯᠤᠰ ᠠᠴᠠ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ ᠳᠤᠰᠠᠯᠠᠯᠳᠠ ᠳᠤ   ᠤᠷᠤᠯᠴᠠᠬᠤ ᠶᠢ ᠤᠷᠮᠠᠰᠢᠭᠤᠯᠤᠨ ᠳᠡᠮᠵᠢᠨ᠎ᠡ᠃               ᠨᠠᠢᠮᠠᠳᠤᠭᠠᠷ ᠵᠦᠢᠯ   ᠨᠡᠶᠢᠭᠡᠮ ᠤᠨ ᠠᠪᠤᠷᠠᠨ ᠳᠤᠰᠠᠯᠠᠬᠤ ᠠᠵᠢᠯ ᠳᠤ ᠳᠤᠪᠤᠶᠢᠮ᠎ᠠ ᠠᠮᠵᠢᠯᠳᠠ ᠪᠦᠳᠦᠭᠡᠯ   ᠭᠠᠷᠭᠠᠭᠰᠠᠨ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ  ᠶᠤᠰᠤᠭᠠᠷ  ᠬᠦᠬᠢᠬᠦᠯᠦᠨ ᠱᠠᠩᠨᠠᠨ᠎ᠠ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ