ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠭᠤᠷᠪᠠ︶
ᠨᠡᠶᠢᠲᠡᠯᠡᠭᠰᠡᠨ ᠴᠠᠭ᠄
2022/9/22
ᠭᠤᠷᠪᠠᠳᠤᠭᠠᠷ ᠪᠦᠯᠦᠭ   ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ             ᠠᠷᠪᠠᠨ ᠳᠦᠷᠪᠡᠳᠦᠭᠡᠷ ᠵᠦᠢᠯ    ᠤᠯᠤᠰ ᠠᠴᠠ ᠬᠦᠳᠡᠯᠮᠦᠷᠢ ᠶᠢᠨ ᠴᠢᠳᠠᠪᠤᠷᠢ ᠦᠭᠡᠢ᠂ ᠠᠮᠢᠳᠤᠷᠠᠯ ᠤᠨ  ᠢᠷᠡᠯᠳᠡ ᠦᠭᠡᠢ ᠮᠦᠷᠳᠡᠭᠡᠨ ᠬᠠᠤᠯᠢ ᠶᠤᠰᠤᠨ ᠤ ᠠᠰᠠᠷᠠᠨ ᠳᠡᠵᠢᠭᠡᠬᠦ᠂ ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ  ᠬᠠᠷᠢᠭᠤᠴᠠᠯᠭ᠎ᠠ ᠲᠠᠢ ᠬᠦᠮᠦᠨ ᠦᠭᠡᠢ ᠪᠤᠶᠤ ᠡᠰᠡᠬᠦᠯ᠎ᠠ ᠳᠡᠬᠦᠨ ᠢ ᠬᠠᠤᠯᠢ ᠶᠤᠰᠤᠭᠠᠷ ᠠᠰᠠᠷᠠᠨ ᠳᠡᠵᠢᠭᠡᠬᠦ᠂ ᠳᠡᠵᠢᠭᠡᠬᠦ ᠂ ᠳᠡᠳᠬᠦᠨ  ᠳᠡᠵᠢᠭᠡᠬᠦ ᠡᠬᠦᠷᠭᠡ ᠬᠠᠷᠢᠭᠤᠴᠠᠯᠭ᠎ᠠ ᠲᠠᠢ ᠬᠦᠮᠦᠨ ᠪᠠᠶᠢᠭᠰᠠᠨ ᠴᠤ ᠳᠡᠷᠡ ᠨᠢ ᠠᠰᠠᠷᠠᠨ ᠳᠡᠵᠢᠬᠡᠬᠦ᠂  ᠳᠡᠵᠢᠭᠡᠬᠦ᠂ ᠳᠡᠳᠬᠦᠨ ᠳᠡᠵᠢᠭᠡᠬᠦ ᠴᠢᠳᠠᠪᠤᠷᠢ ᠦᠭᠡᠢ ᠪᠤᠯᠤᠭᠰᠠᠨ ᠨᠠᠰᠤᠳᠠᠶᠢᠴᠤᠳ᠂ ᠵᠡᠮᠳᠡᠭᠴᠤᠳ ᠬᠢᠭᠡᠳ ᠪᠦᠬᠦᠯᠢ  16 ᠨᠠᠰᠤ ᠬᠦᠷᠦᠭᠡᠳᠦᠢ  ᠨᠠᠰᠤᠨ ᠳᠤ ᠦᠯᠦ ᠬᠦᠷᠦᠭᠰᠡᠳ ᠢ ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ  ᠳᠡᠵᠢᠭᠡᠨ᠎ᠡ᠃                   ᠠᠷᠪᠠᠨ ᠳᠠᠪᠤᠳᠤᠭᠠᠷ ᠵᠦᠢᠯ    ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠠᠭᠤᠯᠭ᠎ᠠ᠄               ︵ᠨᠢᠭᠡ︶ ᠦᠨᠳᠦᠰᠤᠨ ᠠᠮᠢᠳᠤᠷᠠᠯ ᠤᠨ ᠨᠦᠬᠦᠴᠡᠯ ᠬᠠᠨᠭ᠍ᠭᠠᠬᠤ︔            ︵ᠬᠤᠶᠠᠷ︶ ᠠᠮᠢᠳᠤᠷᠠᠯ ᠢᠶᠠᠨ ᠠᠷᠭᠠᠴᠠᠵᠤ ᠳᠡᠶᠢᠯᠬᠦ ᠦᠭᠡᠢ ᠪᠤᠯᠤᠭᠰᠠᠳ ᠢ ᠠᠰᠠᠷᠠᠵᠤ ᠬᠠᠷᠠᠭᠠᠯᠵᠠᠬᠤ︔           ︵ᠭᠤᠷᠪᠠ︶ ᠡᠪᠡᠳᠴᠢᠨ ᠡᠮᠭᠡᠭ ᠢ ᠨᠢ ᠡᠮᠨᠡᠨ ᠵᠠᠰᠠᠬᠤ︔              ︵ᠳᠦᠷᠪᠡ︶ ᠤᠷᠤᠰᠢᠭᠤᠯᠭ᠎ᠠ ᠶᠢᠨ ᠶᠠᠪᠤᠳᠠᠯ ᠢ ᠨᠢ ᠬᠦᠢᠴᠡᠳᠭᠡᠬᠦ᠃ ᠤᠨᠴᠠ ᠬᠦᠴᠢᠷᠳᠡᠯ ᠲᠠᠢ ᠬᠦᠮᠦᠰ ᠢ   ᠠᠰᠠᠷᠠᠨ ᠳᠡᠵᠢᠭᠡᠬᠦ ᠪᠠᠢᠷᠮᠵᠢᠶ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠤᠶᠤ  ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ ᠳᠤᠭᠳᠠᠭᠠᠵᠤ ᠨᠡᠶᠢᠳᠡᠯᠡᠨ᠎ᠡ᠃  ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ  ᠨᠠᠰᠤᠵᠢᠯ ᠤᠨ  ᠳᠠᠭᠠᠳᠬᠠᠯ᠂ ᠦᠨᠳᠦᠰᠤᠨ ᠡᠮᠨᠡᠯᠭᠡ ᠶᠢᠨ ᠪᠠᠳᠤᠯᠠᠪᠤᠷᠢ᠂ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠪᠦᠷᠢ᠂ ᠦᠨᠦᠴᠢᠨ ᠭᠡᠤᠭᠡᠳ ᠤᠨ ᠦᠨᠳᠦᠰᠦᠨ ᠠᠮᠢᠳᠤᠷᠠᠯ ᠤᠨ ᠪᠠᠳᠤᠯᠠᠪᠤᠷᠢ ᠵᠡᠷᠭᠡ ᠳᠦᠷᠢᠮ ᠳᠤᠭᠳᠠᠭᠠᠯ ᠲᠠᠢ  ᠠᠪᠴᠠᠯᠳᠤᠭᠤᠯᠬᠤ ᠭᠡᠷᠡᠭᠳᠡᠢ᠃                ᠠᠷᠪᠠᠨ ᠵᠢᠷᠭᠤᠳᠤᠭᠠᠷ ᠵᠦᠢᠯ    ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ ᠳᠡᠵᠢᠭᠡᠭᠳᠡᠬᠦ ᠪᠠᠷ  ᠭᠤᠶᠤᠴᠢᠯᠠᠬᠤ ᠳᠠᠭᠠᠨ᠂ ᠳᠤᠰ ᠬᠦᠮᠦᠨ ᠨᠢ ᠡᠷᠦᠭᠡ ᠠᠮᠠᠨ ᠳᠠᠩᠰᠠ ᠪᠠᠶᠢᠭ᠎ᠠ ᠭᠠᠵᠠᠷ ᠤᠷᠤᠨ ᠤ ᠰᠤᠮᠤ ᠰᠢᠶᠠᠩ  ᠪᠠᠯᠭᠠᠰᠤᠨ ᠤ  ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠲᠤ  ᠪᠢᠴᠢᠭ ᠢᠶᠠᠷ ᠭᠤᠶᠤᠴᠢᠯᠠᠬᠤ ᠭᠡᠷᠡᠭᠳᠡᠢ︔ ᠭᠡᠷᠪᠡ ᠳᠤᠰ ᠬᠦᠮᠦᠨ ᠨᠢ ᠭᠤᠶᠤᠴᠢᠯᠠᠬᠤ ᠳᠤ ᠬᠦᠴᠢᠷ ᠲᠠᠢ ᠪᠤᠯ  ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠡᠶᠢᠳᠡᠨ ᠤᠷᠤᠯᠠᠭᠤᠯᠤᠨ  ᠭᠤᠶᠤᠴᠢᠯᠠᠵᠤ ᠪᠤᠯᠤᠨ᠎ᠠ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠢᠨᠠᠨ ᠵᠦᠪᠰᠢᠶᠡᠷᠡᠬᠦ ᠳᠡᠰ  ᠳᠠᠷᠠᠭᠠᠯᠠᠯ ᠢ ᠳᠤᠰ ᠠᠷᠭ᠎ᠠ ᠶᠢᠨ ᠠᠷᠪᠠᠨ  ᠨᠢᠭᠡᠳᠦᠭᠡᠷ ᠵᠦᠢᠯ ᠤᠨ ᠳᠤᠭᠳᠠᠭᠠᠯ ᠢᠶᠠᠷ ᠭᠡᠷᠡᠭᠵᠢᠬᠦᠯᠦᠨ᠎ᠠ᠃                 ᠠᠷᠪᠠᠨ ᠳᠤᠯᠤᠳᠤᠭᠠᠷ ᠵᠦᠢᠯ   ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤ ᠤᠷᠳᠤᠨ᠂ ᠵᠡᠭᠡᠯᠢ  ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ ᠳᠤᠬᠠᠢ ᠳᠤ  ᠨᠢ  ᠣᠢᠢᠯᠠᠭᠠᠨ ᠡᠵᠡᠮᠰᠢᠵᠤ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠬᠦ ᠨᠦᠬᠦᠴᠡᠯ  ᠳᠤ ᠨᠡᠶᠢᠴᠡᠬᠦ ᠬᠦᠮᠦᠰ ᠢ  ᠤᠯᠵᠤ ᠮᠡᠳᠡᠪᠡᠯ᠂ ᠢᠳᠡᠪᠬᠢᠳᠡᠢ ᠪᠠᠷ ᠬᠠᠤᠯᠢ ᠶᠠᠰᠤᠭᠠᠷ ᠳᠡᠳᠡᠨ ᠳᠤ ᠠᠰᠠᠷᠠᠨ ᠳᠡᠵᠢᠭᠡᠬᠦ ᠭᠠᠷᠳᠠᠮ ᠢ ᠬᠦᠢᠴᠡᠳᠭᠡᠵᠤ  ᠦᠭᠬᠦ ᠭᠡᠷᠡᠭᠳᠡᠢ᠃             ᠠᠷᠪᠠᠨ ᠨᠠᠢᠮᠠᠳᠤᠭᠠᠷ ᠵᠦᠢᠯ   ᠤᠨᠴᠠ ᠬᠦᠴᠢᠷᠳᠠᠯ ᠲᠠᠢ ᠠᠰᠠᠷᠠᠨ ᠳᠡᠵᠢᠭᠡᠬᠦ ᠬᠦᠮᠦᠰ ᠨᠢ ᠠᠰᠠᠷᠠᠨ ᠳᠡᠵᠢᠭᠡᠬᠦ  ᠨᠦᠬᠦᠴᠡᠯ ᠳᠤ ᠨᠡᠶᠢᠴᠡᠬᠦ ᠦᠭᠡᠢ ᠪᠤᠯᠤᠭᠰᠠᠨ ᠪᠤᠯ ᠭᠠᠴᠠᠭ᠎ᠠ ᠳᠤᠰᠬᠤᠨ ᠤ ᠵᠦᠪᠯᠡᠯ᠂ ᠰᠠᠭᠤᠭᠠᠯᠢ ᠠᠷᠠᠳ ᠤᠨ  ᠵᠦᠪᠯᠡᠯ ᠡᠰᠡᠬᠦᠯ᠎ᠠ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤᠨ ᠤ ᠠᠷᠠᠳ  ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠳᠡᠵᠤ᠂ ᠰᠤᠮᠤ ᠰᠢᠶᠠᠩ  ᠪᠠᠯᠭᠠᠰᠤᠨ ᠤ ᠠᠷᠠᠳ  ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠬᠢᠨᠠᠵᠤ  ᠰᠢᠯᠭᠠᠭᠠᠳ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ  ᠰᠠᠯᠠᠭ᠎ᠠ ᠮᠦᠴᠢᠷ ᠲᠤ ᠮᠡᠳᠡᠬᠦᠯᠦᠨ  ᠵᠦᠪᠰᠢᠶᠡᠷᠡᠬᠦᠯᠦᠭᠰᠡᠨ ᠤ ᠳᠠᠷᠠᠭ᠎ᠠ ᠠᠰᠠᠷᠠᠨ ᠳᠡᠵᠢᠭᠡᠬᠦ ᠶᠢ ᠵᠤᠭᠰᠤᠭᠠᠬᠤ ᠶᠢᠨ  ᠬᠠᠮᠳᠤ ᠵᠠᠷᠯᠠᠨ ᠨᠡᠶᠢᠳᠡᠯᠡᠬᠦ ᠭᠡᠷᠡᠭᠳᠡᠢ᠃               ᠠᠷᠪᠠ ᠶᠢᠰᠦᠳᠤᠭᠡᠷ ᠵᠦᠢᠯ   ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠳᠡᠭᠡᠨ ᠳᠤᠬᠠᠢ ᠶᠢᠨ  ᠭᠠᠵᠠᠷ ᠤᠨ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠳᠦᠪᠯᠡᠷᠡᠬᠦᠯᠦᠨ ᠠᠰᠠᠷᠠᠨ ᠳᠡᠵᠢᠭᠡᠵᠤ ᠪᠤᠯᠬᠤ  ᠪᠦᠭᠡᠳ ᠮᠦᠨ ᠭᠡᠷ ᠡᠷᠦᠭᠡ ᠳᠤ ᠰᠠᠯᠤᠩᠬᠢ ᠪᠠᠷ ᠠᠰᠠᠷᠠᠨ ᠳᠡᠵᠢᠭᠡᠵᠤ ᠪᠤᠯᠤᠨ᠎ᠠ᠃ ᠤᠨᠴᠠ ᠬᠦᠴᠢᠷᠳᠡᠯ ᠲᠠᠢ  ᠠᠰᠠᠷᠠᠨ ᠳᠡᠵᠢᠭᠡᠭᠳᠡᠬᠦ ᠬᠦᠮᠦᠰ ᠨᠢ ᠠᠰᠠᠷᠠᠨ ᠳᠡᠵᠢᠭᠡᠬᠦ ᠭᠡᠯᠪᠡᠷᠢ ᠶᠢ ᠦᠪᠡᠷ ᠢᠶᠠᠨ ᠰᠤᠩᠭᠤᠵᠤ ᠪᠤᠯᠤᠨ᠎ᠠ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ