ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠳᠦᠷᠪᠡ︶
ᠨᠡᠶᠢᠲᠡᠯᠡᠭᠰᠡᠨ ᠴᠠᠭ᠄
2022/9/22
ᠳᠦᠷᠪᠡᠳᠤᠭᠡᠷ ᠪᠦᠯᠦᠭ    ᠭᠠᠮᠰᠢᠭᠳᠠᠭᠰᠠᠳ ᠢ ᠠᠪᠤᠷᠠᠨ ᠳᠤᠰᠠᠯᠠᠬᠤ               ᠬᠤᠷᠢᠳᠤᠭᠠᠷ ᠵᠦᠢᠯ    ᠤᠯᠤᠰ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠳᠦᠷᠢᠮ ᠢ  ᠪᠠᠶᠢᠭᠤᠯᠤᠨ ᠳᠡᠬᠦᠯᠳᠡᠷᠵᠢᠬᠦᠯᠵᠤ᠂ ᠦᠨᠳᠦᠰᠦᠨ ᠠᠮᠢᠳᠤᠷᠠᠯ ᠨᠢ ᠪᠠᠶᠢᠭᠠᠯᠢ ᠶᠢᠨ ᠭᠠᠮᠰᠢᠭ ᠲᠤ ᠬᠦᠨᠳᠤ ᠭᠡᠴᠡᠬᠦᠤ  ᠨᠦᠯᠦᠭᠡᠯᠡᠭᠳᠡᠭᠰᠡᠨ ᠬᠦᠮᠦᠰ ᠲᠤ ᠠᠮᠢᠳᠤᠷᠠᠯ ᠤᠨ ᠠᠪᠤᠷᠠᠨ ᠳᠤᠰᠠᠯᠠᠯᠳᠠ ᠬᠢᠨ᠎ᠠ᠃ ᠪᠠᠶᠢᠭᠠᠯᠢ ᠶᠢᠨ ᠭᠠᠮᠰᠢᠭ ᠤᠨ  ᠠᠪᠤᠷᠠᠨ ᠳᠤᠰᠠᠯᠠᠯᠳᠠ ᠶᠢ ᠭᠠᠵᠠᠷ ᠤᠷᠤᠨ ᠳᠤ ᠨᠢ ᠬᠠᠷᠢᠶᠠᠯᠠᠭᠤᠯᠤᠨ ᠬᠠᠮᠢᠶᠠᠷᠤᠭᠤᠯᠵᠤ᠂ ᠱᠠᠳᠤ ᠬᠤᠪᠢᠶᠠᠨ  ᠬᠠᠷᠢᠭᠤᠴᠠᠬᠤ ᠶᠢ ᠭᠡᠷᠡᠭᠵᠢᠬᠦᠯᠦᠨ᠎ᠠ᠃                 ᠬᠤᠷᠢᠨ ᠨᠢᠭᠡᠳᠤᠭᠡᠷ ᠵᠦᠢᠯ    ᠳᠤᠭᠤᠷᠢᠭ ᠲᠠᠢ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ  ᠵᠠᠰᠠᠭ ᠤᠨ ᠤᠷᠳᠤᠨ ᠬᠢᠭᠡᠳ ᠪᠠᠶᠢᠭᠠᠯᠢ ᠶᠢᠨ ᠭᠠᠮᠰᠢᠭ ᠤᠯᠠᠨ ᠭᠠᠷᠳᠠᠭ ᠪᠠ ᠬᠢᠯᠪᠠᠷᠬᠠᠨ ᠭᠠᠷᠳᠠᠭ ᠭᠠᠵᠠᠷ ᠤᠷᠤᠨ ᠤ  ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠭᠠᠮᠰᠢᠭ ᠤᠨ ᠤᠨᠴᠠᠯᠢᠭ᠂  ᠰᠠᠭᠤᠭᠠᠯᠢ  ᠠᠷᠠᠳ ᠤᠨ ᠬᠦᠮᠦᠨ ᠠᠮᠠ ᠶᠢᠨ ᠳᠤᠭ᠎ᠠ ᠭᠡᠮᠵᠢᠶ᠎ᠡ ᠪᠤᠯᠤᠨ ᠳᠠᠷᠬᠠᠯᠳᠠ ᠵᠡᠷᠭᠡ ᠪᠠᠶᠢᠳᠠᠯ ᠢ ᠦᠨᠳᠦᠰᠦᠯᠡᠨ ᠂ ᠪᠠᠶᠢᠭᠠᠯᠢ ᠶᠢᠨ ᠭᠠᠮᠰᠢᠭ  ᠠᠴᠠ ᠠᠪᠤᠷᠠᠨ ᠳᠤᠰᠠᠯᠠᠬᠤ ᠡᠳ᠋ ᠪᠤᠳᠠᠰ ᠤᠨ ᠬᠠᠳᠠᠭᠠᠯᠠᠮᠵᠢ ᠶᠢᠨ ᠬᠦᠮᠦᠷᠭᠡ ᠶᠢ  ᠪᠠᠶᠢᠭᠤᠯᠵᠤ᠂ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭᠠᠬᠢ ᠠᠪᠤᠷᠠᠨ ᠳᠤᠰᠠᠯᠠᠬᠤ ᠡᠳ᠋ ᠪᠤᠳᠠᠰ ᠤᠨ ᠪᠠᠴᠢᠮ  ᠬᠠᠨᠭ᠍ᠭᠠᠯᠭ᠎ᠠ ᠶᠢ ᠪᠠᠳᠤᠯᠠᠬᠤ ᠭᠡᠷᠡᠭᠳᠡᠢ᠃                ᠬᠤᠷᠢᠨ ᠬᠤᠶᠠᠳᠤᠭᠠᠷ ᠵᠦᠢᠯ    ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠬᠤᠰᠢᠭᠤ ᠰᠢᠶᠠᠨ ᠤ  ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠡᠰᠡᠬᠦᠯ᠎ᠠ ᠠᠷᠠᠳ ᠤᠨ ᠵᠠᠰᠠᠭ ᠤᠨ ᠤᠷᠳᠤᠨ ᠤ  ᠪᠠᠶᠢᠭᠠᠯᠢ ᠶᠢᠨ  ᠭᠠᠮᠰᠢᠭ ᠠᠴᠠ ᠠᠪᠤᠷᠠᠨ ᠳᠤᠰᠠᠯᠠᠵᠤ ᠪᠠᠴᠢᠮ ᠪᠠᠶᠢᠳᠠᠯ ᠢ  ᠠᠷᠭᠠᠴᠠᠭᠠᠨ ᠶᠡᠷᠦᠩᠭᠡᠶᠢᠯᠡᠨ  ᠵᠤᠬᠢᠴᠠᠭᠤᠯᠬᠤ ᠪᠠᠶᠢᠭᠤᠯᠤᠮᠵᠢ ᠨᠢ᠂ ᠪᠠᠶᠢᠳᠠᠯ ᠢ ᠦᠨᠳᠦᠰᠦᠯᠡᠨ ᠳᠦᠷᠭᠡᠨ ᠳᠠᠷᠬᠠᠭᠠᠨ ᠵᠠᠶᠢᠯᠠᠭᠤᠯᠵᠤ᠂ ᠨᠡᠬᠦᠯᠭᠡᠨ  ᠰᠢᠯᠵᠢᠬᠦᠯᠵᠤ᠂ ᠭᠠᠮᠰᠢᠭᠳᠠᠭᠰᠠᠳ ᠢ ᠳᠦᠪᠬᠢᠨᠡᠬᠦᠯᠤᠨ᠂ ᠴᠠᠭ ᠳᠤᠬᠠᠢ ᠳᠤ ᠨᠢ ᠭᠠᠮᠰᠢᠭᠳᠠᠭᠰᠠᠳ ᠲᠤ ᠭᠡᠷᠡᠭᠴᠡᠭᠡ  ᠪᠦᠬᠦᠢ ᠢᠳᠡᠭᠡᠨ ᠤᠮᠳᠠᠭᠠᠨ᠂ ᠬᠤᠪᠴᠠᠰᠤ  ᠬᠤᠨᠠᠷ᠂ ᠬᠦᠨᠵᠢᠯᠡ ᠳᠡᠪᠢᠰᠭᠡᠷ᠂ ᠳᠤᠯᠠᠭᠠᠴᠠᠯ ᠤᠨ ᠳᠦᠬᠦᠭᠡᠷᠦᠮᠵᠢ᠂  ᠳᠦᠷ ᠰᠠᠭᠤᠬᠤ ᠤᠷᠤᠨ ᠰᠠᠭᠤᠴᠠ ᠶᠢ ᠬᠠᠨᠭ᠍ᠭᠠᠵᠤ᠂ ᠡᠮ ᠡᠮᠨᠡᠯᠭᠡ᠂ ᠬᠢᠵᠢᠭ ᠢ ᠰᠡᠷᠭᠡᠶᠢᠯᠡᠬᠦ ᠵᠡᠷᠭᠡ ᠪᠠᠴᠢᠮ ᠠᠪᠤᠷᠠᠨ  ᠳᠤᠰᠠᠯᠠᠯᠳᠠ ᠶᠢ ᠬᠢᠬᠦ ᠭᠡᠷᠡᠭᠳᠡᠢ᠃                ᠬᠤᠷᠢᠨ ᠭᠤᠷᠪᠠᠳᠤᠭᠠᠷ ᠵᠦᠢᠯ    ᠭᠠᠮᠰᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ᠂ ᠭᠠᠮᠰᠢᠭᠳᠠᠭᠰᠠᠨ  ᠤᠷᠤᠨ ᠤ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ  ᠭᠠᠮᠰᠢᠭ ᠤᠨ ᠬᠤᠬᠢᠷᠠᠯ ᠤᠨ ᠪᠠᠶᠢᠳᠠᠯ ᠢ ᠦᠨᠡᠯᠠᠨ ᠮᠠᠭᠠᠳᠯᠠᠵᠤ᠂ ᠬᠢᠨᠠᠵᠤ ᠳᠤᠭᠳᠠᠭᠠᠬᠤ ᠶᠢᠨ ᠳᠠᠭᠠᠤ ᠵᠠᠷᠯᠠᠨ  ᠨᠡᠶᠢᠳᠡᠯᠡᠬᠦ ᠭᠡᠷᠡᠭᠳᠡᠢ᠃             ᠬᠤᠷᠢᠨ ᠳᠦᠷᠪᠡᠳᠤᠭᠡᠷ ᠵᠦᠢᠯ    ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠨᠢ  ᠠᠮᠤᠷ ᠳᠦᠪᠰᠢᠨ ᠢ ᠪᠠᠳᠤᠯᠠᠭᠰᠠᠨ ᠤᠷᠢᠳᠠᠯ ᠳᠤᠤᠷ᠎ᠠ ᠂ ᠤᠷᠤᠨ ᠰᠠᠭᠤᠴᠠ ᠨᠢ ᠬᠦᠨᠳᠤ ᠭᠡᠴᠡᠬᠦᠤ ᠡᠪᠳᠡᠭᠳᠡᠭᠰᠡᠨ  ᠭᠠᠮᠰᠢᠭᠳᠠᠭᠰᠠᠳ ᠢ ᠰᠢᠯᠵᠢᠯᠳᠠ ᠶᠢᠨ ᠴᠢᠨᠠᠷ ᠲᠠᠢ ᠪᠠᠷ ᠳᠦᠪᠬᠢᠨᠡᠬᠦᠯᠬᠦ ᠭᠡᠷᠡᠭᠳᠡᠢ᠃               ᠬᠤᠷᠢᠨ ᠳᠠᠪᠤᠳᠤᠭᠠᠷ ᠵᠦᠢᠯ    ᠪᠠᠶᠢᠭᠠᠯᠢ ᠶᠢᠨ ᠭᠠᠮᠰᠢᠭ ᠨᠢ ᠠᠶᠤᠯ ᠳᠦᠭᠰᠢᠬᠦᠷᠢ ᠦᠭᠡᠢ ᠪᠤᠯᠤᠭᠰᠠᠨ ᠤ  ᠳᠠᠷᠠᠭ᠎ᠠ᠂  ᠭᠠᠮᠰᠢᠭᠳᠠᠭᠰᠠᠨ ᠤᠷᠤᠨ ᠤ ᠠᠷᠠᠳ  ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ ᠨᠢ ᠳᠤᠰ ᠵᠠᠰᠠᠭ ᠵᠠᠬᠢᠷᠭᠠᠨ ᠤ ᠪᠠᠨ ᠭᠡᠪᠴᠢᠶᠠᠨ ᠳᠠᠬᠢ ᠰᠠᠭᠤᠭᠠᠯᠢ ᠠᠷᠠᠳ ᠤᠨ ᠤᠷᠤᠨ ᠰᠠᠭᠤᠴᠠ ᠶᠢ  ᠰᠡᠷᠬᠦᠭᠡᠨ ᠳᠠᠬᠢᠨ ᠪᠠᠶᠢᠭᠤᠯᠬᠤ ᠳᠤ ᠨᠦᠬᠦᠪᠤᠷᠢ ᠦᠭᠬᠦ ᠡᠳᠡᠭᠡᠳ ᠢᠶᠠᠨ ᠴᠠᠭ ᠳᠤᠬᠠᠢ ᠳᠤ ᠨᠢ ᠰᠢᠯᠭᠠᠨ  ᠳᠤᠭᠳᠠᠭᠠᠬᠤ ᠶᠢᠨ ᠳᠠᠭᠠᠤ ᠵᠤᠭᠤᠰ  ᠮᠦᠡᠭᠬᠦ᠂ ᠡᠳ᠋ ᠪᠤᠳᠠᠰ ᠵᠡᠷᠭᠡ ᠪᠠᠷ ᠠᠪᠤᠷᠠᠨ ᠳᠤᠰᠠᠯᠠᠬᠤ ᠭᠡᠷᠡᠭᠳᠡᠢ᠃               ᠬᠤᠷᠢᠨ ᠵᠢᠷᠭᠤᠳᠤᠭᠠᠷ ᠵᠦᠢᠯ    ᠪᠠᠶᠢᠭᠠᠯᠢ ᠶᠢᠨ ᠭᠠᠮᠰᠢᠭ ᠡᠬᠦᠰᠦᠭᠰᠡᠨ ᠤ ᠳᠠᠷᠠᠭ᠎ᠠ᠂ ᠭᠠᠮᠰᠢᠭᠳᠠᠭᠰᠠᠨ  ᠤᠷᠤᠨ ᠤ ᠠᠷᠠᠳ ᠤᠨ ᠵᠠᠰᠠᠭ ᠤᠨ ᠤᠷᠳᠤᠨ ᠨᠢ ᠳᠤᠰ ᠵᠢᠯ ᠤᠨ ᠡᠪᠤᠯ ᠤᠨ ᠬᠦᠢᠳᠡᠨ ᠪᠠ ᠳᠠᠷᠠᠭ᠎ᠠ ᠵᠢᠯ ᠤᠨ  ᠬᠠᠪᠤᠷ ᠤᠨ ᠭᠠᠴᠢᠭ ᠠᠴᠠ ᠪᠤᠯᠤᠭᠠᠳ ᠠᠮᠢᠳᠤᠷᠠᠯ ᠳᠤ ᠨᠢ ᠬᠦᠴᠢᠷ ᠳᠤᠯᠠᠭᠠᠷᠠᠬᠤ ᠭᠠᠮᠰᠢᠭᠳᠠᠭᠰᠠᠳ  ᠲᠤ  ᠦᠨᠳᠦᠰᠦᠨ ᠠᠮᠢᠳᠤᠷᠠᠯ ᠤᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ