ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠲᠠᠪᠤ︶
ᠨᠡᠶᠢᠲᠡᠯᠡᠭᠰᠡᠨ ᠴᠠᠭ᠄
2022/9/22
ᠳᠠᠪᠤᠳᠤᠭᠠᠷ ᠪᠦᠯᠦᠭ   ᠡᠮ ᠡᠮᠨᠡᠯᠭᠡ ᠶᠢᠨ ᠠᠪᠤᠷᠠᠨ ᠳᠤᠰᠠᠯᠠᠯᠳᠠ             ᠬᠤᠷᠢᠨ ᠳᠤᠯᠤᠳᠤᠭᠠᠷ ᠵᠦᠢᠯ    ᠤᠯᠤᠰ ᠠᠴᠠ ᠡᠮ ᠡᠮᠨᠡᠯᠭᠡ ᠪᠠᠷ ᠠᠪᠤᠷᠠᠨ ᠳᠤᠰᠠᠯᠠᠬᠤ ᠳᠦᠷᠢᠮ ᠢ  ᠪᠠᠶᠢᠭᠤᠯᠤᠨ ᠳᠡᠬᠦᠯᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠬᠤ ᠡᠳᠡᠭᠡᠳ ᠲᠤ ᠦᠨᠳᠦᠰᠦᠨ ᠡᠮ ᠡᠮᠨᠡᠯᠭᠡ  ᠡᠷᠡᠬᠦᠯ ᠬᠠᠮᠠᠭᠠᠯᠠᠯ ᠤᠨ ᠦᠢᠯᠡᠴᠢᠯᠡᠭᠡ ᠬᠦᠷᠳᠡᠭᠡᠬᠦ ᠶᠢ ᠪᠠᠳᠤᠯᠠᠬᠤ ᠭᠡᠷᠡᠭᠳᠡᠢ᠃              ᠬᠤᠷᠢᠨ ᠨᠠᠢᠮᠠᠳᠤᠭᠠᠷ ᠵᠦᠢᠯ   ᠳᠤᠤᠷᠠᠬᠢ ᠬᠦᠮᠦᠰ ᠬᠤᠯᠪᠤᠭᠳᠠᠯ ᠪᠦᠬᠦᠢ ᠡᠮ ᠡᠮᠨᠡᠯᠭᠡ ᠶᠢᠨ ᠠᠪᠤᠷᠠᠨ  ᠳᠤᠰᠠᠯᠠᠯᠳᠠ ᠭᠤᠶᠤᠴᠢᠯᠠᠵᠤ ᠪᠤᠯᠤᠨ᠎ᠠ᠄            ︵ᠨᠢᠭᠡ︶ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ︔             ︵ᠬᠤᠶᠠᠷ︶ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ︔              ︵ᠭᠤᠷᠪᠠ︶ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠳᠤᠭᠳᠠᠭᠠᠭᠰᠠᠨ ᠪᠤᠰᠤᠳ ᠤᠨᠴᠠᠭᠠᠢ ᠬᠦᠴᠢᠷᠳᠡᠯ  ᠲᠠᠢ ᠬᠦᠮᠦᠰ᠃              ᠬᠤᠷᠢ ᠶᠢᠰᠦᠳᠤᠭᠡᠷ ᠵᠦᠢᠯ   ᠡᠮ ᠡᠮᠨᠡᠯᠭᠡ ᠶᠢᠨ ᠠᠪᠤᠷᠠᠨ ᠳᠤᠰᠠᠯᠠᠯᠳᠠ ᠳᠤ ᠳᠤᠤᠷᠠᠬᠢ ᠮᠠᠳᠤ ᠠᠷᠭ᠎ᠠ ᠶᠢ  ᠠᠪᠤᠨ᠎ᠠ᠄                ︵ᠨᠢᠭᠡ︶ ᠠᠪᠤᠷᠠᠨ ᠳᠤᠰᠠᠯᠠᠭᠳᠠᠬᠤ ᠡᠳᠡᠭᠡᠳ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ  ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠤᠶᠤ ᠰᠢᠨ᠎ᠠ ᠮᠠᠶ᠋ᠢᠭ ᠤᠨ ᠬᠦᠳᠡᠭᠡ ᠳᠤᠰᠬᠤᠨ ᠤ ᠬᠤᠷᠰᠢᠭᠰᠠᠨ ᠡᠮᠨᠡᠯᠭᠡ  ᠳᠤ ᠤᠷᠤᠭᠰᠠᠨ ᠬᠤᠪᠢ ᠬᠦᠮᠦᠨ ᠤ ᠳᠤᠰᠢᠶᠠᠬᠤ ᠵᠠᠷᠤᠳᠠᠯ ᠤᠨ ᠭᠡᠰᠡᠭ ᠳᠤ ᠨᠢ ᠨᠦᠬᠦᠪᠤᠷᠢ ᠤᠯᠭᠤᠨ᠎ᠠ︔               ︵ᠬᠤᠶᠠᠷ︶ ᠠᠪᠤᠷᠠᠨ ᠳᠤᠰᠠᠯᠠᠭᠳᠠᠬᠤ ᠡᠳᠡᠭᠡᠳ ᠲᠤ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ ᠬᠦᠨᠳᠤ   ᠳᠤᠮᠤ ᠡᠪᠡᠳᠴᠢᠨ ᠤ ᠳᠠᠭᠠᠳᠬᠠᠯ ᠬᠢᠭᠡᠳ ᠪᠤᠰᠤᠳ ᠡᠮ ᠡᠮᠨᠡᠯᠭᠡ ᠶᠢᠨ ᠨᠦᠬᠦᠪᠤᠷᠢ ᠳᠠᠭᠠᠳᠬᠠᠯ ᠠᠴᠠ ᠰᠦᠢᠳᠭᠡᠯ ᠢ  ᠨᠢ ᠳᠠᠭᠠᠭᠠᠭᠰᠠᠨ ᠤ ᠰᠡᠬᠦᠯᠡᠷ᠂ ᠬᠤᠪᠢ ᠬᠦᠮᠦᠨ ᠵᠢᠴᠢ ᠭᠡᠷ ᠪᠦᠯᠢ ᠨᠢ ᠡᠬᠦᠷᠭᠡᠯᠡᠨ ᠳᠠᠭᠠᠭᠠᠵᠤ ᠳᠡᠶᠢᠯᠬᠦ ᠦᠭᠡᠢ  ᠪᠦᠭᠡᠳ ᠳᠤᠭᠳᠠᠭᠠᠯ ᠳᠤ ᠨᠡᠶᠢᠴᠡᠬᠦ᠋ᠢᠴᠡ ᠦᠨᠳᠦᠰᠦᠨ ᠡᠮ ᠡᠮᠨᠡᠯᠭᠡ ᠶᠢᠨ ᠦᠪᠡᠷ ᠲᠡᠭᠡᠨ ᠳᠠᠭᠠᠭᠠᠬᠤ ᠰᠦᠢᠳᠭᠡᠯ  ᠳᠤ ᠨᠢ ᠨᠦᠬᠦᠪᠤᠷᠢ ᠤᠯᠭᠤᠨ᠎ᠠ᠃ ᠡᠮ ᠡᠮᠨᠡᠯᠭᠡ ᠶᠢᠨ ᠠᠪᠤᠷᠠᠨ ᠳᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ  ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ  ᠳᠦᠪᠰᠢᠨ ᠪᠤᠯᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢᠨ ᠵᠤᠭᠤᠰ ᠮᠦᠡᠭᠬᠦᠨ ᠤ ᠪᠠᠶᠢᠳᠠᠯ ᠢᠶᠠᠨ  ᠦᠨᠳᠦᠰᠦᠯᠡᠨ  ᠲᠤᠭᠲᠠᠭᠠᠵᠤ᠂ ᠵᠠᠷᠯᠠᠨ ᠨᠡᠶᠢᠳᠡᠯᠡᠨ᠎ᠡ᠃               ᠭᠤᠴᠢᠳᠤᠭᠠᠷ ᠵᠦᠢᠯ   ᠡᠮ ᠡᠮᠨᠡᠯᠭᠡ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠳᠤᠷᠠᠳᠤᠨ   ᠭᠠᠷᠭᠠᠵᠤ᠂ ᠬᠢᠨᠠᠨ ᠰᠢᠯᠭᠠᠵᠤ ᠵᠠᠷᠯᠠᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ ᠠᠷᠠᠳ ᠤᠨ  ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠭᠡᠷᠡᠭᠳᠡᠢ᠃ ᠨᠠᠭᠠᠳᠤ   ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ ᠬᠢᠭᠡᠳ ᠤᠨᠴᠠ ᠬᠦᠴᠢᠷᠳᠡᠯ ᠲᠠᠢ  ᠠᠪᠤᠷᠠᠨ ᠳᠡᠵᠢᠭᠡᠭᠳᠡᠭᠰᠠᠳ ᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢ ᠪᠤᠯ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ  ᠠᠴᠠ ᠰᠢᠭᠤᠳ ᠬᠦᠢᠴᠡᠳᠭᠡᠨ᠎ᠡ᠃                 ᠭᠤᠴᠢᠨ ᠨᠢᠭᠡᠳᠤᠭᠡᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠤᠷᠳᠤᠨ ᠨᠢ ᠡᠮ ᠡᠮᠨᠡᠯᠭᠡ ᠶᠢᠨ ᠠᠪᠤᠷᠠᠨ ᠳᠤᠰᠠᠯᠠᠯᠳᠠ ᠬᠢᠭᠡᠳ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ ᠳᠤᠮᠤ  ᠶᠡᠭᠡ ᠡᠪᠡᠳᠴᠢᠨ ᠤ ᠳᠠᠭᠠᠳᠬᠠᠯ ᠢ ᠬᠠᠷᠢᠯᠴᠠᠨ ᠠᠪᠴᠠᠯᠳᠤᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠳ᠋ᠦᠡᠭᠨᠡᠨ  ᠪᠤᠳᠤᠬᠤ ᠳᠤᠭᠳᠠᠴᠠ ᠶᠢ ᠪᠠᠶᠢᠭᠤᠯᠤᠨ  ᠲᠡᠭᠦᠯᠳᠡᠷᠵᠢᠭᠦᠯᠵᠦ᠂ ᠡᠮ ᠡᠮᠨᠡᠯᠭᠡ ᠪᠠᠷ ᠠᠪᠤᠷᠠᠨ ᠳᠤᠰᠠᠯᠠᠭᠤᠯᠬᠤ ᠡᠳᠡᠭᠡᠳ  ᠲᠤ ᠳᠦᠬᠦᠮ ᠳᠦᠳᠡ ᠦᠢᠯᠡᠴᠢᠯᠡᠭᠡ ᠬᠠᠨᠭ᠍ᠭᠠᠬᠤ ᠭᠡᠷᠡᠭᠳᠡᠢ᠃             ᠭᠤᠴᠢᠨ ᠬᠤᠶᠠᠳᠤᠭᠠᠷ ᠵᠦᠢᠯ   ᠤᠯᠤᠰ ᠠᠴᠠ ᠡᠪᠡᠳᠴᠢᠨ ᠳᠠᠬᠤᠯ ᠢ ᠪᠠᠴᠢᠮ ᠠᠪᠤᠷᠠᠨ ᠳᠤᠰᠠᠯᠠᠬᠤ  ᠳᠦᠷᠢᠮ ᠢ ᠪᠠᠶᠢᠭᠤᠯᠵᠤ᠂ ᠪᠠᠴᠢᠮ ᠠᠪᠤᠷᠠᠬᠤ ᠴᠢᠬᠤᠯᠠ ᠲᠠᠢ᠂ ᠭᠡᠪᠡᠴᠤ ᠪᠡᠶ᠎ᠡ ᠶᠢᠨ ᠭᠠᠷᠤᠯ ᠨᠢ ᠳᠤᠳᠤᠷᠬᠠᠢ ᠪᠤᠰᠤ  ᠪᠤᠶᠤ ᠳᠦᠷᠭᠡᠨ ᠠᠪᠤᠷᠠᠯᠳᠠ ᠶᠢᠨ ᠵᠠᠷᠤᠳᠠᠯ ᠢᠶᠠᠨ ᠳᠤᠰᠢᠶᠠᠵᠤ ᠳᠡᠶᠢᠯᠬᠦ ᠦᠭᠡᠢ ᠪᠠᠴᠢᠮ᠂ ᠬᠦᠨᠳᠤ᠂ ᠠᠶᠤᠯᠳᠠᠢ   ᠡᠪᠡᠳᠴᠢᠲᠡᠳ ᠲᠤ ᠠᠪᠤᠷᠠᠨ ᠳᠤᠰᠠᠯᠠᠯᠳᠠ ᠬᠢᠨ᠎ᠠ᠃ ᠳᠤᠭᠳᠠᠭᠠᠯ ᠳᠤ ᠨᠡᠶᠢᠴᠡᠬᠦ᠋ᠢᠴᠡ ᠳᠦᠷᠭᠡᠨ ᠠᠪᠤᠷᠠᠯᠳᠠ ᠶᠢᠨ  ᠵᠠᠷᠤᠳᠠᠯ ᠢ ᠡᠪᠡᠳᠴᠢᠨ ᠳᠠᠬᠤᠯ ᠤᠨ ᠪᠠᠴᠢᠮ ᠠᠪᠤᠷᠠᠨ ᠳᠤᠰᠠᠯᠠᠯᠳᠠ ᠶᠢᠨ ᠰᠠᠭᠤᠷᠢ ᠮᠦᠡᠭᠬᠦᠨ ᠠᠴᠠ ᠭᠠᠷᠭᠠᠨ᠎ᠠ᠃  ᠡᠪᠡᠳᠴᠢᠨ ᠳᠠᠬᠤᠯ ᠳᠤ ᠪᠠᠴᠢᠮ ᠠᠪᠤᠷᠠᠨ ᠳᠤᠰᠠᠯᠠᠯᠳᠠ ᠬᠢᠬᠦ ᠳᠦᠷᠢᠮ  ᠨᠢ ᠪᠤᠰᠤᠳ ᠡᠮ ᠡᠮᠨᠡᠯᠭᠡ ᠶᠢᠨ  ᠪᠠᠳᠤᠯᠠᠪᠤᠷᠢ ᠶᠢᠨ ᠳᠦᠷᠢᠮ ᠯᠦᠭᠡ ᠬᠠᠷᠢᠯᠴᠠᠨ ᠠᠪᠴᠠᠯᠳᠤᠭᠰᠠᠨ ᠪᠠᠶᠢᠬᠤ ᠭᠡᠷᠡᠭᠳᠡᠢ᠃          
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ