ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2022/9/22
ᠵᠢᠷᠭᠤᠳᠤᠭᠠᠷ ᠪᠦᠯᠦᠭ   ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ                  ᠭᠤᠴᠢᠨ ᠭᠤᠷᠪᠠᠳᠤᠭᠠᠷ ᠵᠦᠢᠯ    ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ  ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠶᠢᠨ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ  ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠲᠤ ᠰᠤᠷᠭᠠᠨ ᠬᠦᠮᠦᠵᠢᠯ ᠤᠨ  ᠠᠪᠤᠷᠠᠨ ᠳᠤᠰᠠᠯᠠᠯᠳᠠ ᠬᠢᠨ᠎ᠠ᠃ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ︵ᠳᠤᠮᠳᠠᠳᠤ ᠵᠡᠷᠭᠡ ᠶᠢᠨ ᠳᠤᠰᠬᠠᠢ  ᠮᠡᠷᠭᠡᠵᠢᠯ ᠤᠨ ᠰᠤᠷᠭᠠᠨ ᠬᠦᠮᠦᠵᠢᠯ ᠪᠠᠭᠳᠠᠨ᠎ᠠ︶᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠰᠤᠷᠭᠠᠨ  ᠬᠦᠮᠦᠵᠢᠯ ᠤᠨ ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠬᠢᠭᠡᠳ   ᠰᠤᠷᠭᠠᠭᠤᠯᠢ ᠳᠤ ᠤᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ ᠳᠡᠶᠢᠯᠬᠦ ᠦᠭᠡᠢ ᠵᠡᠮᠳᠡᠭ    ᠬᠡᠦᠬᠡᠳ ᠲᠤ ᠪᠤᠳᠠᠳᠤ ᠪᠠᠶᠢᠳᠠᠯ ᠢ ᠨᠢ  ᠦᠨᠳᠦᠰᠦᠯᠡᠵᠤ᠂ ᠵᠤᠬᠢᠬᠤ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ  ᠬᠢᠨ᠎ᠠ᠃                 ᠭᠤᠴᠢᠨ ᠳᠦᠷᠪᠡᠳᠤᠭᠡᠷ ᠵᠦᠢᠯ   ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠨᠢ ᠠᠳᠠᠯᠢ ᠪᠤᠰᠤ  ᠰᠤᠷᠭᠠᠨ ᠬᠦᠮᠦᠵᠢᠯ ᠤᠨ ᠱᠠᠳᠤᠨ ᠤ ᠭᠡᠷᠡᠭᠴᠡᠭᠡ ᠶᠢ ᠦᠨᠳᠦᠰᠦᠯᠡᠨ᠂ ᠬᠤᠯᠪᠤᠭᠳᠠᠯ ᠪᠦᠬᠦᠢ ᠵᠠᠷᠤᠳᠠᠯ ᠢ  ᠬᠡᠯᠳᠦᠷᠢᠬᠦᠯᠵᠤ ᠬᠠᠰᠤᠬᠤ᠂ ᠰᠤᠷᠤᠯᠭ᠎ᠠ ᠶᠢᠨ ᠳᠤᠰᠠᠯᠠᠮᠵᠢ ᠶᠢᠨ ᠮᠦᠡᠭᠬᠦ ᠦᠭᠬᠦ᠂ ᠰᠤᠷᠤᠭᠴᠢᠳ ᠲᠤ ᠠᠮᠢᠳᠤᠷᠠᠯ ᠤᠨ  ᠨᠦᠬᠦᠪᠤᠷᠢ ᠦᠭᠬᠦ᠂ ᠠᠵᠢᠯ ᠬᠦᠳᠡᠯᠮᠤᠷᠢ ᠬᠢᠯᠭᠡᠨ ᠰᠤᠷᠤᠯᠭ᠎ᠠ ᠳᠤ ᠨᠢ ᠳᠤᠰᠠᠯᠠᠬᠤ ᠵᠡᠷᠭᠡ ᠠᠷᠭ᠎ᠠ ᠭᠡᠮᠵᠢᠶ᠎ᠡ ᠠᠪᠴᠤ᠂  ᠰᠤᠷᠭᠠᠨ ᠬᠦᠮᠦᠵᠢᠯ ᠤᠨ ᠠᠪᠤᠷᠠᠨ ᠳᠤᠰᠠᠯᠠᠭᠳᠠᠬᠤ ᠡᠳᠡᠭᠡᠳ ᠤᠨ ᠦᠨᠳᠦᠰᠦᠨ ᠰᠤᠷᠤᠯᠭ᠎ᠠ ᠠᠮᠢᠳᠤᠷᠠᠯ ᠤᠨ  ᠭᠡᠷᠡᠭᠴᠡᠭᠡ ᠶᠢ ᠪᠠᠳᠤᠯᠠᠨ᠎ᠠ᠃              ᠭᠤᠴᠢᠨ ᠳᠠᠪᠤᠳᠤᠭᠠᠷ ᠵᠦᠢᠯ   ᠰᠤᠷᠭᠠᠨ ᠬᠦᠮᠦᠵᠢᠯ ᠤᠨ ᠠᠪᠤᠷᠠᠨ ᠳᠤᠰᠠᠠᠯᠬᠤ ᠪᠠᠷᠢᠮᠵᠢᠶ᠎ᠠ ᠶᠢ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ  ᠠᠵᠤ  ᠠᠬᠤᠢ  ᠨᠡᠶᠢᠭᠡᠮ ᠤᠨ ᠬᠦᠭᠵᠢᠯᠳᠡ ᠶᠢᠨ ᠳᠦᠪᠰᠢᠨ  ᠬᠢᠬᠡᠳ ᠦᠨᠳᠦᠰᠤᠨ ᠰᠤᠷᠤᠯᠭ᠎ᠠ ᠠᠮᠢᠳᠤᠷᠠᠯ ᠤᠨ  ᠭᠡᠷᠡᠭᠴᠡᠭᠡ ᠶᠢ ᠦᠨᠳᠦᠰᠦᠯᠡᠨ ᠳᠤᠭᠳᠠᠭᠠᠵᠤ᠂ ᠵᠠᠷᠯᠠᠨ ᠨᠡᠶᠢᠳᠡᠯᠡᠨ᠎ᠡ᠃            ᠭᠤᠴᠢᠨ ᠵᠢᠷᠭᠤᠳᠤᠭᠠᠷ ᠵᠦᠢᠯ   ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠶᠢ ᠭᠤᠶᠤᠴᠢᠯᠠᠬᠤ ᠳᠠᠭᠠᠨ ᠂ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ  ᠰᠣᠷᠣᠯᠴᠠᠵᠤ ᠪᠠᠶᠢᠭ᠎ᠠ ᠰᠤᠷᠭᠠᠭᠤᠯᠢ ᠳᠠᠭᠠᠨ  ᠳᠤᠷᠠᠳᠤᠨ ᠭᠠᠷᠭᠠᠵᠤ᠂ ᠳᠤᠭᠳᠠᠭᠰᠠᠨ ᠳᠡᠰ ᠳᠠᠷᠠᠭᠠᠯᠠᠯ ᠢᠶᠠᠷ ᠬᠢᠨᠠᠵᠤ ᠰᠢᠯᠭᠠᠭᠤᠯᠤᠨ᠂ ᠨᠤᠳᠠᠯᠠᠨ  ᠵᠦᠪᠰᠢᠶᠡᠷᠡᠬᠦᠯᠦᠭᠰᠡᠨ ᠤ ᠳᠠᠷᠠᠭ᠎ᠠ᠂ ᠰᠤᠷᠭᠠᠭᠤᠯᠢ ᠨᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ  ᠭᠡᠷᠡᠭᠵᠢᠬᠦᠯᠬᠦ ᠭᠡᠷᠡᠭᠳᠡᠢ᠃          
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ