ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠳᠣᠯᠤᠭ᠎ᠠ︶
ᠨᠡᠶᠢᠲᠡᠯᠡᠭᠰᠡᠨ ᠴᠠᠭ᠄
2022/9/22
ᠳᠤᠯᠤᠳᠤᠭᠠᠷ ᠪᠦᠯᠦᠭ     ᠤᠷᠤᠨ ᠰᠠᠭᠤᠴᠠ ᠶᠢᠨ ᠠᠪᠤᠷᠠᠨ ᠳᠤᠰᠠᠯᠠᠯᠳᠠ            ᠭᠤᠴᠢᠨ ᠳᠤᠯᠤᠳᠤᠭᠠᠷ ᠵᠦᠢᠯ    ᠤᠯᠤᠰ ᠠᠴᠠ ᠳᠤᠭᠳᠠᠭᠠᠯ ᠤᠨ ᠪᠠᠷᠢᠮᠵᠢᠶ᠎ᠠ ᠳᠤ ᠨᠡᠶᠢᠴᠡᠭᠰᠡᠨ ᠤᠷᠤᠨ  ᠰᠠᠭᠤᠴᠠ ᠬᠦᠴᠢᠷᠳᠡᠯ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ᠂ ᠰᠠᠯᠤᠩᠬᠢ ᠪᠠᠷ  ᠠᠰᠠᠷᠠᠨ ᠳᠡᠵᠢᠭᠡᠵᠤ ᠪᠠᠶᠢᠭ᠎ᠠ ᠤᠨᠴᠠ ᠬᠦᠴᠢᠷᠳᠡᠯ ᠲᠠᠢ ᠬᠦᠮᠦᠰ ᠲᠤ ᠤᠷᠤᠨ ᠰᠠᠭᠤᠴᠠ ᠶᠢᠨ ᠠᠪᠤᠷᠠᠨ ᠳᠤᠰᠠᠯᠠᠯᠳᠠ  ᠬᠢᠨ᠎ᠠ᠃            ᠭᠤᠴᠢᠨ ᠨᠠᠢᠮᠠᠳᠤᠭᠠᠷ ᠵᠦᠢᠯ    ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠨᠡᠶᠢᠳᠡ ᠶᠢᠨ  ᠳᠦᠷᠢᠶᠡᠰᠤᠨ  ᠤᠷᠤᠨ ᠰᠠᠭᠤᠴᠠ ᠠᠴᠠ ᠳᠦᠷᠢᠶᠡᠰᠦᠯᠡᠵᠤ ᠦᠭᠬᠦ᠂ ᠤᠷᠤᠨ ᠰᠠᠭᠤᠴᠠ ᠶᠢᠨ ᠳᠦᠷᠢᠶᠡᠰᠤᠨ ᠤ  ᠨᠦᠬᠦᠪᠤᠷᠢ ᠦᠭᠬᠦ᠂  ᠬᠦᠳᠡᠭᠡ ᠳᠤᠰᠬᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠬᠦ ᠵᠡᠷᠭᠡ ᠠᠷᠭ᠎ᠠ ᠭᠡᠯᠪᠡᠷᠢ  ᠪᠠᠷ ᠭᠡᠷᠡᠭᠵᠢᠬᠦᠯᠦᠨ᠎ᠡ᠃              ᠭᠤᠴᠢ ᠶᠢᠰᠦᠳᠤᠭᠡᠷ ᠵᠦᠢᠯ    ᠤᠷᠤᠨ ᠰᠠᠭᠤᠴᠠ ᠶᠢᠨ ᠬᠦᠴᠢᠷᠳᠡᠯ ᠤᠨ ᠪᠠᠷᠢᠮᠵᠢᠶ᠎ᠠ ᠬᠢᠭᠡᠳ ᠠᠪᠤᠷᠠᠨ  ᠳᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ  ᠵᠠᠰᠠᠭ ᠤᠨ ᠤᠷᠳᠤᠨ  ᠠᠴᠠ ᠳᠤᠰ ᠵᠠᠰᠠᠭ ᠵᠠᠬᠢᠷᠭᠠᠨ ᠤ ᠭᠡᠪᠴᠢᠶᠠᠨ ᠳᠠᠬᠢ ᠠᠵᠤ ᠠᠬᠤᠢ ᠨᠡᠶᠢᠭᠡᠮ ᠤᠨ  ᠬᠦᠭᠵᠢᠯᠳᠡ ᠶᠢᠨ ᠳᠦᠪᠰᠢᠨ᠂ ᠤᠷᠤᠨ  ᠰᠠᠭᠤᠴᠠ ᠶᠢᠨ ᠦᠨ᠎ᠠ ᠬᠠᠨᠭ᠍ᠰᠢ ᠶᠢᠨ ᠳᠦᠪᠰᠢᠨ ᠵᠡᠷᠭᠡ ᠡᠯᠧᠮᠧᠨ᠋ᠲ ᠢ  ᠦᠨᠳᠦᠰᠦᠯᠡᠨ ᠳᠤᠭᠳᠠᠭᠠᠵᠤ᠂ ᠵᠡᠷᠯᠡᠨ ᠨᠡᠶᠢᠳᠡᠯᠡᠨ᠎ᠡ ᠃                  ᠳᠦᠴᠢᠳᠤᠭᠡᠷ ᠵᠦᠢᠯ    ᠬᠤᠳᠠ ᠪᠠᠯᠭᠠᠰᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ  ᠭᠤᠶᠤᠴᠢᠯᠠᠬᠤ ᠳᠠᠭᠠᠨ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ  ᠭᠡᠷᠡᠭ ᠡᠷᠬᠢᠯᠡᠬᠦ ᠭᠠᠵᠠᠷ ᠢᠶᠠᠷ ᠳᠠᠮᠵᠢᠭᠤᠯᠬᠤ ᠪᠤᠶᠤ ᠡᠰᠡᠬᠦᠯ᠎ᠡ ᠰᠢᠭᠤᠳ ᠬᠤᠰᠢᠭᠤ ᠰᠢᠶᠠᠨ ᠤ ᠱᠠᠳᠤᠨ ᠤ ᠠᠷᠠᠳ ᠤᠨ   ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ ᠳᠤᠷᠠᠳᠤᠨ ᠭᠠᠷᠭᠠᠵᠤ᠂  ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠨᠢ  ᠭᠡᠷ ᠪᠦᠯᠢ ᠶᠢᠨ ᠤᠷᠤᠯᠭ᠎ᠠ᠂ ᠡᠳ᠋ ᠬᠦᠷᠦᠩᠭᠡ ᠶᠢᠨ ᠪᠠᠶᠢᠳᠠᠯ ᠢ ᠬᠢᠨᠠᠨ ᠰᠢᠯᠭᠠᠵᠤ᠂ ᠬᠤᠰᠢᠭᠤ ᠰᠢᠶᠠᠨ ᠤ  ᠱᠠᠳᠤᠨ ᠤ  ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠨᠢ  ᠭᠡᠷ ᠪᠦᠯᠢ ᠶᠢᠨ ᠤᠷᠤᠨ ᠰᠠᠭᠤᠴᠠ ᠶᠢᠨ ᠪᠠᠶᠢᠳᠠᠯ ᠢ ᠬᠢᠨᠠᠨ ᠰᠢᠯᠭᠠᠭᠠᠳ ᠵᠡᠷᠯᠡᠨ ᠨᠡᠶᠢᠳᠡᠯᠡᠭᠰᠡᠨ ᠤ ᠳᠠᠷᠠᠭ᠎ᠠ᠂  ᠭᠤᠶᠤᠴᠢᠯᠠᠬᠤ ᠨᠦᠬᠦᠴᠡᠯ  ᠳᠤ ᠨᠡᠶᠢᠴᠡᠬᠦ᠋ᠢᠴᠡ ᠭᠤᠶᠤᠴᠢᠯᠠᠭᠴᠢᠳ ᠲᠤ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠭ ᠤᠨ ᠤᠷᠳᠤᠨ ᠤ  ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠤᠷᠢᠳᠠᠪᠠᠷ  ᠪᠠᠳᠤᠯᠠᠭ᠎ᠠ ᠬᠠᠨᠭ᠍ᠭᠠᠨ᠎ᠠ᠃ ᠬᠦᠳᠡᠭᠡ  ᠳᠤᠰᠬᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ  ᠭᠤᠶᠤᠴᠢᠯᠠᠬᠤ ᠳᠠᠭᠠᠨ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠬᠤᠯᠪᠤᠭᠳᠠᠯ ᠪᠦᠬᠦᠢ ᠳᠤᠭᠳᠠᠭᠠᠯ ᠶᠤᠰᠤᠭᠠᠷ  ᠭᠡᠷᠡᠭᠵᠢᠬᠦᠯᠬᠦ ᠭᠡᠷᠡᠭᠳᠡᠢ᠃              ᠳᠦᠴᠢᠨ ᠨᠢᠭᠡᠳᠤᠭᠡᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠤᠯᠤᠰ ᠤᠨ  ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠪᠡᠯᠡ ᠤᠷᠤᠭᠤᠯᠬᠤ᠂ ᠭᠡᠷᠡᠭᠯᠡᠬᠦ ᠭᠠᠵᠠᠷ ᠰᠢᠷᠤᠢ ᠬᠠᠨᠭ᠍ᠭᠠᠬᠤ ᠵᠡᠷᠭᠡ  ᠠᠷᠭ᠎ᠠ ᠪᠠᠷᠢᠯ ᠢᠶᠠᠷ  ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠭᠡᠷᠡᠭᠵᠢᠬᠦᠯᠬᠦ ᠶᠢ ᠪᠠᠳᠤᠯᠠᠬᠤ ᠭᠡᠷᠡᠭᠳᠡᠢ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ