ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠨᠠᠢᠮᠠ︶
ᠨᠡᠶᠢᠲᠡᠯᠡᠭᠰᠡᠨ ᠴᠠᠭ᠄
2022/9/22
ᠨᠠᠢᠮᠠᠳᠤᠭᠠᠷ ᠪᠦᠯᠦᠭ   ᠠᠵᠢᠯ ᠤᠯᠭᠤᠬᠤ ᠠᠪᠤᠷᠠᠨ ᠳᠤᠰᠠᠯᠠᠯᠳᠠ                ᠳᠦᠴᠢᠨ ᠬᠤᠶᠠᠳᠤᠭᠠᠷ ᠵᠦᠢᠯ   ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ  ᠪᠦᠯᠢ ᠶᠢᠨ ᠬᠦᠳᠡᠯᠮᠦᠷᠢᠯᠡᠬᠦ ᠴᠢᠳᠠᠪᠤᠷᠢ ᠲᠠᠢ ᠮᠦᠷᠳᠡᠭᠡᠨ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠬᠦᠨ  ᠳᠤ  ᠵᠢᠭᠡᠯᠡᠯᠭᠡ ᠶᠢᠨ ᠬᠦᠤ ᠮᠦᠡᠭᠬᠦ ᠶᠢᠨ ᠨᠦᠬᠦᠪᠤᠷᠢ᠂ ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠠᠵᠢᠯ ᠤᠨ  ᠪᠠᠶᠢᠷᠢ ᠵᠢᠨ‌ᠨᠦ᠋ᠬᠦᠪᠤᠷᠢ᠂ ᠳᠠᠪᠳᠠᠨ ᠪᠤᠯᠪᠠᠰᠤᠷᠠᠭᠤᠯᠬᠤ ᠨᠦᠬᠦᠪᠤᠷᠢ ᠦᠭᠬᠦ ᠪᠠ ᠵᠠᠷᠤᠳᠠᠯ ᠰᠦᠢᠳᠭᠡᠯ ᠢ ᠨᠢ  ᠭᠡᠯᠳᠤᠷᠢᠬᠦᠯᠵᠤ ᠬᠠᠰᠤᠬᠤ᠂ ᠨᠡᠶᠢᠳᠡ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠳᠤᠬᠢᠷᠠᠭᠤᠯᠬᠤ ᠵᠡᠷᠭᠡ  ᠠᠷᠭ᠎ᠠ ᠪᠠᠷ ᠠᠵᠢᠯ ᠤᠯᠭᠤᠬᠤ  ᠠᠪᠤᠷᠠᠨ ᠳᠤᠰᠠᠯᠠᠯᠳᠠ ᠬᠢᠨ᠎ᠠ᠃              ᠳᠦᠴᠢᠨ ᠭᠤᠷᠪᠠᠳᠤᠭᠠᠷ ᠵᠦᠢᠯ   ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ   ᠬᠦᠳᠡᠯᠮᠦᠷᠢᠯᠡᠬᠦ ᠴᠢᠳᠠᠪᠤᠷᠢ ᠲᠠᠢ ᠪᠦᠷᠢᠯᠳᠦᠬᠦᠨ  ᠨᠢ ᠴᠦᠮ ᠠᠵᠢᠯ ᠠᠯᠳᠠᠭᠰᠠᠨ ᠪᠠᠶᠢᠪᠠᠯ᠂ ᠬᠤᠰᠢᠭᠤ ᠰᠢᠶᠠᠨ ᠤ  ᠱᠠᠳᠤᠨ  ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠴᠢᠭᠯᠡᠬᠦᠯᠦᠯᠳᠤ ᠴᠢᠨᠠᠷ  ᠲᠠᠢ ᠠᠷᠭ᠎ᠠ  ᠭᠡᠮᠵᠢᠶ᠎ᠡ ᠠᠪᠴᠤ᠂ ᠳᠤᠰ ᠭᠡᠷ ᠪᠦᠯᠢ ᠳᠤ ᠶᠠᠳᠠᠬᠤ ᠳᠠᠭᠠᠨ ᠨᠢᠭᠡ ᠬᠦᠮᠦᠨ ᠳᠤ ᠠᠵᠢᠯ ᠤᠯᠭᠤᠬᠤ ᠶᠢ  ᠦᠨᠡᠨᠬᠦ ᠪᠠᠳᠤᠯᠠᠬᠤ  ᠭᠡᠷᠡᠭᠳᠡᠢ᠃             ᠳᠦᠴᠢᠨ ᠳᠦᠷᠪᠡᠳᠤᠭᠡᠷ ᠵᠦᠢᠯ   ᠠᠵᠢᠯ ᠤᠯᠭᠤᠬᠤ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂  ᠰᠠᠭᠤᠵᠤ  ᠪᠠᠶᠢᠭ᠎ᠠ ᠭᠠᠵᠠᠷ ᠤᠨ ᠢᠶᠠᠨ ᠵᠡᠭᠡᠯᠢ ᠭᠤᠳᠤᠮᠵᠢ᠂ ᠨᠡᠶᠢᠭᠡᠮ ᠳᠤᠭᠤᠷᠢᠭ ᠤᠨ ᠨᠡᠶᠢᠳᠡ ᠶᠢᠨ ᠠᠵᠢᠯ  ᠤᠯᠭᠤᠯᠳᠠ ᠶᠢᠨ  ᠦᠢᠯᠡᠴᠢᠯᠡᠭᠡᠨ ᠤ ᠪᠠᠶᠢᠭᠤᠯᠤᠮᠵᠢ ᠳᠤ ᠳᠤᠷᠠᠳᠤᠨ ᠭᠠᠷᠭᠠᠵᠤ᠂ ᠨᠡᠶᠢᠳᠡ ᠶᠢᠨ ᠠᠵᠢᠯ  ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠢᠨᠠᠨ ᠰᠢᠯᠭᠠᠭᠰᠠᠨ ᠤ ᠳᠠᠷᠠᠭ᠎ᠠ ᠳᠠᠩᠰᠠᠯᠠᠬᠤ ᠶᠢᠨ ᠳᠠᠭᠠᠤ  ᠵᠠᠷᠤᠳᠠᠯ ᠬᠤᠷᠢᠶᠠᠬᠤ ᠦᠭᠡᠢ ᠪᠠᠷ  ᠠᠵᠢᠯ ᠤᠨ ᠪᠠᠶᠢᠷᠢ ᠶᠢᠨ ᠴᠢᠮᠡᠭᠡ ᠵᠠᠩᠬᠢ᠂ ᠳᠤᠬᠠᠢᠢᠯᠠᠭᠰᠠᠨ ᠠᠵᠢᠯ ᠤᠨ  ᠳᠠᠨᠢᠯᠴᠠᠭᠤᠯᠭ᠎ᠠ᠂ ᠳᠤᠬᠠᠢᠢᠯᠠᠭᠰᠠᠨ ᠠᠵᠢᠯ ᠤᠨ ᠵᠢᠯᠤᠭᠤᠳᠤᠮᠵᠢ ᠵᠡᠷᠭᠡ ᠠᠵᠢᠯ ᠤᠯᠭᠤᠬᠤ ᠦᠢᠯᠡᠴᠢᠯᠡᠭᠡ ᠬᠠᠨᠭ᠍ᠭᠠᠬᠤ  ᠭᠡᠷᠡᠭᠳᠡᠢ᠃               ᠳᠦᠴᠢᠨ ᠳᠠᠪᠤᠳᠤᠭᠠᠷ ᠵᠦᠢᠯ   ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ  ᠬᠦᠳᠡᠯᠮᠦᠷᠢᠯᠡᠬᠦ ᠴᠢᠳᠠᠪᠤᠷᠢ ᠲᠠᠢ ᠪᠤᠯᠪᠠᠴᠤ ᠠᠵᠢᠯ ᠤᠯᠤᠭᠠᠳᠤᠢ ᠪᠦᠷᠢᠯᠳᠦᠬᠦᠨ ᠨᠢ ᠬᠦᠮᠦᠨ ᠤ ᠬᠦᠴᠤᠨ ᠤ ᠡᠬᠢ  ᠪᠠᠶᠠᠯᠢᠭ  ᠪᠠ ᠨᠡᠶᠢᠭᠡᠮ ᠤᠨ ᠪᠠᠳᠤᠯᠠᠪᠤᠷᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠳᠠᠨᠢᠯᠴᠠᠭᠤᠯᠵᠤ  ᠦᠭᠬᠦᠭᠰᠡᠨ ᠠᠵᠢᠯ ᠢ ᠬᠦᠯᠢᠶᠡᠨ ᠠᠪᠬᠤ ᠭᠡᠷᠡᠭᠳᠡᠢ︔ ᠡᠷᠡᠬᠦᠯ ᠴᠢᠬᠢᠷᠠᠭ ᠤᠨ ᠪᠠᠶᠢᠳᠠᠯ ᠪᠤᠯᠤᠨ ᠬᠦᠳᠡᠯᠮᠦᠷᠢᠯᠡᠬᠦ  ᠴᠢᠳᠠᠪᠤᠷᠢ ᠳᠤ ᠨᠢ  ᠳᠤᠬᠢᠷᠠᠬᠤᠢᠢᠴᠡ ᠠᠵᠢᠯ ᠢ ᠳᠠᠨᠢᠯᠴᠠᠭᠤᠯᠵᠤ ᠦᠭᠬᠦᠭᠰᠡᠨ ᠴᠤ ᠵᠦᠢ ᠶᠤᠰᠤᠨ ᠤ ᠤᠴᠢᠷ  ᠰᠢᠯᠳᠠᠭᠠᠨ ᠦᠭᠡᠢ ᠪᠠᠷ ᠵᠠᠯᠭᠠᠪᠠᠷ 3 ᠤᠳᠠᠭ᠎ᠠ ᠬᠦᠯᠢᠶᠡᠨ ᠠᠪᠬᠤ ᠦᠭᠡᠢ ᠪᠤᠯ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠭ ᠤᠨ ᠤᠷᠳᠤᠨ ᠤ  ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠳᠤᠰ ᠬᠦᠮᠦᠨ ᠤ ᠨᠠᠭᠠᠳᠤ  ᠵᠠᠬ᠎ᠠ ᠶᠢᠨ ᠠᠮᠢᠳᠤᠷᠠᠯ ᠤᠨ  ᠪᠠᠳᠤᠯᠠᠪᠤᠷᠢ ᠶᠢᠨ ᠮᠦᠡᠭᠬᠦ ᠶᠢ ᠬᠠᠰᠤᠬᠤ ᠪᠤᠶᠤ ᠵᠤᠭᠰᠤᠭᠠᠬᠤ ᠪᠠᠷ ᠳᠤᠭᠳᠠᠭᠠᠬᠤ  ᠭᠡᠷᠡᠭᠳᠡᠢ᠃                ᠳᠦᠴᠢᠨ ᠵᠢᠷᠭᠤᠳᠤᠭᠠᠷ ᠵᠦᠢᠯ   ᠠᠵᠢᠯ ᠤᠯᠭᠤᠬᠤ ᠠᠪᠤᠷᠠᠨ ᠳᠤᠰᠠᠯᠠᠯᠳᠠ ᠶᠢᠨ ᠡᠳᠡᠭᠡᠳ ᠢ ᠡᠯᠰᠡᠨ  ᠠᠪᠤᠭᠰᠠᠨ  ᠬᠦᠮᠦᠨ ᠭᠡᠷᠡᠭᠯᠡᠬᠦ  ᠪᠠᠶᠢᠭᠤᠯᠭ᠎ᠠ ᠨᠢᠭᠡᠴᠢ ᠳᠤ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ  ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠭᠠᠶᠢᠯᠢ ᠳᠠᠳᠠᠪᠤᠷᠢ ᠶᠢᠨ ᠬᠠᠷᠠᠭᠠᠯᠵᠠᠯ᠂ ᠪᠠᠭ᠎ᠠ ᠳᠤᠭᠠᠨ ᠤ ᠳᠠᠭᠠᠭᠠᠨ  ᠪᠠᠳᠤᠯᠠᠪᠤᠷᠢ ᠲᠠᠢ ᠵᠢᠭᠡᠯᠡᠯᠭᠡ ᠤᠯᠭᠤᠬᠤ ᠵᠡᠷᠭᠡ ᠠᠵᠢᠯ ᠤᠯᠭᠤᠯᠳᠠ ᠶᠢ ᠳᠡᠳᠬᠦᠨ ᠳᠡᠮᠵᠢᠬᠦ ᠳᠦᠷᠦ ᠶᠢᠨ  ᠪᠤᠳᠤᠯᠭ᠎ᠠ ᠶᠢ ᠭᠡᠷᠡᠭᠵᠢᠬᠦᠯᠦᠨ᠎ᠡ᠃         
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ