ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠶᠢᠰᠦ︶
ᠨᠡᠶᠢᠲᠡᠯᠡᠭᠰᠡᠨ ᠴᠠᠭ᠄
2022/9/22
ᠶᠢᠰᠦᠳᠤᠭᠡᠷ ᠪᠦᠯᠦᠭ   ᠳᠦᠷ ᠴᠠᠭ ᠤᠨ ᠠᠪᠤᠷᠠᠨ ᠳᠤᠰᠠᠯᠠᠯᠳᠠ             ᠳᠦᠴᠢᠨ ᠳᠤᠯᠤᠳᠤᠭᠠᠷ ᠵᠦᠢᠯ   ᠤᠯᠤᠰ ᠠᠴᠠ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ  ᠰᠠᠨᠠᠮᠰᠠᠷ  ᠦᠭᠡᠢ ᠭᠡᠷᠡᠭ᠂ ᠭᠡᠷ ᠪᠦᠯᠢ ᠶᠢᠨ ᠪᠦᠷᠢᠯᠳᠦᠬᠦᠨ ᠨᠢ ᠭᠡᠨᠡᠳᠳᠡ ᠪᠠᠷ ᠬᠦᠨᠳᠤ ᠳᠤᠮᠤ ᠡᠪᠡᠳᠴᠢᠨ ᠳᠤ  ᠨᠡᠷᠪᠡᠭᠳᠡᠭᠰᠡᠨ ᠵᠡᠷᠭᠡ ᠰᠢᠯᠳᠠᠭᠠᠨ ᠠᠴᠠ ᠦᠨᠳᠦᠰᠦᠨ ᠠᠮᠢᠳᠤᠷᠠᠯ ᠳᠤ ᠨᠢ ᠳᠦᠷ ᠴᠠᠭ ᠤᠨ ᠬᠦᠨᠳᠤ ᠭᠡᠴᠡᠬᠦᠤ  ᠬᠦᠴᠢᠷᠳᠡᠯ ᠳᠤᠯᠭᠠᠷᠠᠭᠰᠠᠨ ᠭᠡᠷ  ᠪᠦᠯᠢ ᠪᠤᠶᠤ ᠠᠮᠢᠳᠤᠷᠠᠯ ᠤᠨ ᠭᠡᠷᠡᠭᠴᠡᠭᠡᠳᠤ ᠵᠠᠷᠤᠳᠠᠯ ᠨᠢ ᠭᠡᠨᠡᠳᠳᠡ ᠪᠠᠷ  ᠨᠡᠮᠡᠭᠳᠡᠭᠡᠳ ᠭᠡᠷ ᠪᠦᠯᠢ ᠶᠢᠨ  ᠬᠢᠨ ᠤ ᠡᠬᠦᠷᠭᠡᠯᠡᠬᠦ  ᠴᠢᠳᠠᠪᠤᠷᠢ ᠠᠴᠠ ᠳᠠᠪᠠᠵᠤ᠂ ᠦᠨᠳᠦᠰᠦᠨ ᠠᠮᠢᠳᠤᠷᠠᠯ ᠳᠤ ᠨᠢ  ᠳᠦᠷ ᠴᠠᠭ ᠤᠨ ᠬᠦᠨᠳᠤ ᠭᠡᠴᠡᠬᠦᠤ ᠬᠦᠴᠢᠷᠳᠡᠯ ᠳᠤᠯᠭᠠᠷᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ  ᠭᠡᠷ ᠪᠦᠯᠢ ᠬᠢᠭᠡᠳ ᠪᠤᠰᠤᠳ ᠤᠨᠴᠠᠭᠠᠢ ᠬᠦᠴᠢᠷᠳᠡᠯ  ᠳᠤ ᠳᠤᠬᠢᠶᠠᠯᠳᠤᠭᠰᠠᠨ ᠭᠡᠷ ᠪᠦᠯᠢ ᠳᠤ ᠳᠦᠷ ᠴᠠᠭ ᠤᠨ  ᠠᠪᠤᠷᠠᠨ ᠳᠤᠰᠠᠯᠠᠯᠳᠠ ᠬᠢᠨ᠎ᠠ᠃              ᠳᠦᠴᠢᠨ ᠨᠠᠢᠮᠠᠳᠤᠭᠠᠷ ᠵᠦᠢᠯ   ᠳᠦᠷ ᠴᠠᠭ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ  ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ  ᠳᠤᠷᠠᠳᠤᠨ  ᠭᠠᠷᠭᠠᠵᠤ᠂ ᠬᠢᠨᠠᠨ ᠰᠢᠯᠭᠠᠵᠤ ᠵᠡᠷᠯᠡᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠦᠪᠰᠢᠶᠡᠷᠡᠨ᠎ᠠ︔ ᠠᠪᠤᠷᠠᠨ  ᠳᠤᠰᠠᠯᠠᠬᠤ  ᠵᠤᠭᠤᠰ ᠮᠦᠡᠭᠬᠦᠨ ᠤ ᠭᠡᠮᠵᠢᠶ᠎ᠡ ᠨᠢ ᠨᠡᠯᠢᠶᠡᠳ ᠪᠠᠭ᠎ᠠ ᠪᠤᠯ ᠬᠤᠰᠢᠭᠤ ᠰᠢᠶᠠᠨ ᠤ ᠱᠠᠳᠤᠨ ᠤ ᠠᠷᠠᠳ ᠤᠨ  ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤᠨ ᠤ ᠠᠷᠠᠳ ᠤᠨ  ᠵᠠᠰᠠᠭ ᠤᠨ  ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠨᠡᠶᠢᠳᠡᠨ ᠵᠦᠪᠰᠢᠶᠡᠷᠡᠬᠦᠯᠵᠤ ᠪᠤᠯᠤᠨ᠎ᠠ ᠃ ᠪᠠᠶᠢᠳᠠᠯ ᠨᠢ  ᠪᠠᠴᠢᠮ ᠳᠤᠯᠭᠠᠮ᠎ᠠ ᠪᠤᠯ ᠳᠤᠭᠳᠠᠭᠠᠯ ᠶᠤᠰᠤᠭᠠᠷ ᠵᠦᠪᠰᠢᠶᠡᠷᠡᠬᠦ ᠭᠠᠷᠳᠠᠮᠵᠢ ᠶᠢ ᠨᠢ ᠳᠦᠬᠦᠮᠴᠢᠯᠡᠵᠤ  ᠪᠤᠯᠤᠨ᠎ᠠ᠃                   ᠳᠦᠴᠢ ᠶᠢᠰᠤᠳᠤᠭᠡᠷ ᠵᠦᠢᠯ   ᠲᠦᠷ ᠴᠠᠭ ᠤᠨ ᠠᠪᠤᠷᠠᠨ ᠳᠤᠰᠠᠯᠠᠯᠳᠠ ᠶᠢᠨ ᠪᠤᠳᠠᠳᠠᠢ ᠳᠦᠷᠦᠯ ᠵᠦᠢᠯ᠂   ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ  ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ  ᠤᠷᠳᠤᠨ  ᠠᠴᠠ ᠳᠤᠭᠳᠠᠭᠠᠵᠤ ᠵᠠᠷᠯᠠᠨ ᠨᠡᠶᠢᠳᠡᠯᠡᠨ᠎ᠡ᠃               ᠳᠠᠪᠢᠳᠤᠭᠠᠷ ᠵᠦᠢᠯ   ᠤᠯᠤᠰ ᠠᠴᠠ ᠠᠮᠢᠳᠤᠷᠠᠯ ᠳᠠᠭᠠᠨ ᠵᠦᠪ ᠦᠭᠡᠢ ᠳᠡᠨᠦᠬᠦᠯᠴᠢᠳ᠂ ᠭᠤᠶᠢᠷᠠᠨᠴᠢᠳ ᠲᠤ  ᠳᠦᠷ  ᠴᠠᠭ ᠤᠨ ᠢᠳᠡᠵᠤ ᠰᠠᠭᠤᠬᠤ᠂ ᠳᠦᠷᠭᠡᠨ ᠡᠪᠡᠳᠴᠢᠨ ᠢ ᠨᠢ ᠡᠮᠨᠡᠨ ᠵᠠᠰᠠᠬᠤ᠂ ᠳᠡᠮᠵᠢᠨ ᠳᠤᠰᠠᠯᠠᠵᠤ ᠤᠤᠯ  ᠨᠤᠳᠤᠭ ᠲᠤ  ᠨᠢ ᠪᠤᠴᠠᠭᠠᠬᠤ ᠵᠡᠷᠭᠡ ᠠᠪᠤᠷᠠᠨ ᠳᠤᠰᠠᠯᠠᠯᠳᠠ ᠬᠢᠨ᠎ᠠ᠃             ᠳᠠᠪᠢᠨ ᠨᠢᠭᠡᠳᠤᠭᠡᠷ ᠵᠦᠢᠯ   ᠳᠤᠳᠤᠭᠠᠳᠤ ᠶᠢ ᠬᠠᠮᠠᠭᠠᠠᠯᠬᠤ ᠪᠠᠶᠢᠭᠤᠯᠭ᠎ᠠ ᠬᠢᠭᠡᠳ ᠪᠤᠰᠤᠳ ᠬᠤᠯᠪᠤᠭᠳᠠᠯ  ᠪᠦᠬᠦᠢ ᠵᠠᠰᠠᠭ ᠵᠠᠬᠢᠷᠭᠠᠨ ᠤ  ᠪᠠᠶᠢᠭᠤᠯᠭ᠎ᠠ ᠶᠢᠨ ᠠᠵᠢᠯᠳᠠᠨ ᠠᠵᠢᠯ ᠤᠨ ᠳᠤᠮᠳᠠ ᠪᠠᠨ ᠳᠡᠨᠦᠬᠦᠯᠴᠢᠳ ᠭᠤᠶᠢᠷᠠᠨᠴᠢᠳ  ᠲᠠᠢ  ᠬᠠᠷᠭᠤᠪᠠᠯ᠂ ᠳᠡᠳᠡᠨ ᠳᠤ ᠠᠪᠤᠷᠠᠨ ᠳᠤᠰᠠᠯᠠᠬᠤ ᠠᠵᠢᠯ ᠤᠨ ᠬᠠᠮᠢᠶᠠᠷᠣᠯᠲᠠ ᠶᠢᠨ ᠪᠠᠶᠢᠭᠤᠯᠤᠮᠵᠢ ᠠᠴᠠ  ᠳᠤᠰᠠᠯᠠᠮᠵᠢ  ᠬᠦᠰᠡᠪᠡᠯ ᠵᠤᠬᠢᠨ᠎ᠠ ᠭᠡᠳᠡᠭ ᠢ ᠭᠡᠯᠡᠵᠤ ᠦᠭᠬᠦ ᠭᠡᠷᠡᠭᠳᠡᠢ᠃ ᠳᠡᠳᠡᠭᠡᠷ ᠤᠨ ᠳᠤᠳᠤᠷᠠᠬᠢ ᠵᠡᠮᠳᠡᠭᠴᠤᠳ᠂  ᠨᠡᠰᠤᠨ ᠳᠤ ᠦᠯᠦ  ᠬᠦᠷᠦᠭᠰᠡᠳ᠂ ᠨᠠᠰᠤᠳᠠᠶᠢᠴᠤᠳ ᠪᠤᠯᠤᠨ ᠬᠦᠳᠡᠯᠵᠤ ᠶᠠᠪᠤᠬᠤ ᠳᠠᠭᠠᠨ ᠳᠦᠬᠦᠮ ᠦᠭᠡᠢ  ᠬᠦᠮᠦᠰ ᠢ ᠵᠠᠮᠴᠢᠯᠠᠵᠤ ᠬᠠᠮᠠᠭᠠᠠᠯᠨᠨ ᠠᠪᠤᠷᠠᠨ ᠳᠤᠰᠠᠠᠯᠬᠤ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠦᠷᠭᠡᠬᠦ ᠭᠡᠷᠡᠭᠳᠡᠢ︔ ᠭᠡᠨᠡᠳᠳᠡ ᠪᠠᠷ ᠪᠠᠴᠢᠮ ᠡᠪᠡᠳᠴᠢᠨ  ᠳᠤ ᠨᠡᠷᠪᠡᠭᠳᠡᠭᠰᠡᠳ ᠢ ᠳᠡᠷᠡ ᠳᠤᠤᠷ᠎ᠠ ᠨᠢ ᠳᠦᠷᠭᠡᠨ ᠠᠪᠤᠷᠠᠯᠳᠠ ᠶᠢᠨ  ᠪᠠᠶᠢᠭᠤᠯᠤᠮᠵᠢ ᠳᠤ ᠮᠡᠳᠡᠭᠳᠡᠵᠤ᠂ ᠠᠪᠤᠷᠠᠨ  ᠡᠮᠴᠢᠯᠡᠬᠦᠯᠬᠦ ᠭᠡᠷᠡᠭᠳᠡᠢ᠃      
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ