ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠠᠷᠪᠠ︶
ᠨᠡᠶᠢᠲᠡᠯᠡᠭᠰᠡᠨ ᠴᠠᠭ᠄
2022/9/22
ᠠᠷᠪᠠᠳᠤᠭᠠᠷ ᠪᠦᠯᠦᠭ   ᠨᠡᠶᠢᠭᠡᠮ ᠤᠨ ᠬᠦᠴᠤᠨ ᠤ ᠤᠷᠤᠯᠴᠠᠯᠭ᠎ᠠ            ᠳᠠᠪᠢᠨ ᠬᠤᠶᠠᠳᠤᠭᠠᠷ ᠵᠦᠢᠯ   ᠤᠯᠤᠰ ᠠᠴᠠ ᠪᠠᠶᠢᠭᠤᠯᠬ᠎ᠠ  ᠨᠢᠭᠡᠴᠢ ᠪᠤᠯᠤᠨ ᠬᠤᠪᠢ ᠬᠦᠮᠦᠨ ᠵᠡᠷᠬᠡ  ᠨᠡᠶᠢᠬᠡᠮ ᠤᠨ ᠬᠦᠴᠦᠨ ᠤ ᠡᠷᠬᠦᠨ ᠪᠡᠯᠡᠭᠯᠡᠬᠦ᠂ ᠲᠡᠳᠬᠦᠨ ᠳᠡᠮᠵᠢᠬᠦ᠂ ᠲᠦᠷᠦᠯ ᠵᠦᠢᠯ ᠭᠠᠷᠭᠠᠬᠤ᠂ ᠦᠢᠯᠡᠴᠢᠯᠡᠬᠡᠨ ᠤ  ᠪᠠᠶᠢᠭᠤᠯᠤᠮᠵᠢ ᠡᠷᠬᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠬᠡ ᠠᠷᠬ᠎ᠠ ᠪᠠᠷ ᠨᠡᠶᠢᠬᠡᠮ ᠤᠨ ᠠᠪᠤᠷᠠᠨ  ᠳᠤᠰᠠᠯᠠᠯᠳᠠ ᠳᠤ ᠤᠷᠤᠯᠴᠠᠬᠤ ᠶᠢ ᠤᠷᠮᠠᠰᠢᠭᠤᠯᠤᠨ᠎ᠠ᠃                ᠳᠠᠪᠢᠨ ᠭᠤᠷᠪᠠᠳᠤᠭᠠᠷ ᠵᠦᠢᠯ  ᠨᠡᠶᠢᠭᠡᠮ ᠤᠨ ᠬᠦᠴᠤᠨ ᠨᠡᠶᠢᠭᠡᠮ ᠤᠨ ᠠᠪᠤᠷᠠᠨ ᠳᠤᠰᠠᠯᠠᠯᠳᠠ ᠳᠤ  ᠤᠷᠤᠯᠴᠠᠪᠠᠯ᠂  ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠨᠦᠬᠦᠪᠤᠷᠢ᠂  ᠭᠠᠶᠢᠯᠢ ᠳᠠᠳᠠᠪᠤᠷᠢ ᠶᠢᠨ  ᠬᠠᠷᠠᠭᠠᠯᠵᠠᠯ᠂ ᠵᠠᠷᠤᠳᠠᠯ ᠰᠦᠢᠳᠭᠡᠯ ᠢ ᠬᠠᠰᠤᠨ ᠭᠡᠯᠳᠦᠷᠢᠬᠦᠯᠬᠦ ᠵᠡᠷᠭᠡ ᠳᠦᠷᠦ ᠶᠢᠨ  ᠪᠤᠳᠤᠯᠭ᠎ᠠ ᠶᠢᠨ ᠬᠠᠷᠠᠭᠠᠯᠵᠠᠯ ᠬᠦᠷᠳᠡᠭᠡᠨ᠎ᠡ᠃               ᠳᠠᠪᠢᠨ ᠳᠦᠷᠪᠡᠳᠤᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ  ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠪᠤᠷᠠᠨ ᠳᠤᠰᠠᠯᠠᠯᠳᠠ ᠳᠠᠬᠢ ᠪᠤᠳᠠᠳᠠᠢ ᠦᠢᠯᠡᠴᠢᠯᠡᠭᠡᠨ ᠤ  ᠳᠦᠷᠦᠯ ᠵᠦᠢᠯ ᠢ ᠨᠠᠶᠢᠳᠠᠬᠤ᠂ ᠳᠠᠭᠠᠭᠠᠴᠢᠯᠠᠭᠤᠯᠬᠤ᠂ ᠬᠤᠳᠠᠯᠳᠤᠨ ᠠᠪᠬᠤ ᠵᠡᠷᠭᠡ ᠠᠷᠭ᠎ᠠ  ᠪᠠᠷ ᠨᠡᠶᠢᠭᠡᠮ ᠤᠨ  ᠬᠦᠴᠤᠨ ᠠᠴᠠ ᠦᠢᠯᠡᠴᠢᠯᠡᠭᠡ ᠬᠤᠳᠠᠯᠳᠤᠨ ᠠᠪᠴᠤ ᠪᠤᠯᠤᠨ᠎ᠠ᠃             ᠳᠠᠪᠢᠨ ᠳᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ  ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ  ᠨᠡᠶᠢᠭᠡᠮ ᠤᠨ ᠠᠵᠢᠯᠳᠠᠨ ᠤ ᠦᠢᠡᠯᠳᠤᠯ ᠢᠶᠠᠨ ᠪᠠᠳᠠᠷᠠᠭᠤᠯᠵᠤ᠂ ᠨᠡᠶᠢᠭᠡᠮ ᠤᠨ ᠠᠪᠤᠷᠠᠨ ᠳᠤᠰᠠᠯᠠᠯᠳᠠ ᠶᠢᠨ ᠡᠳᠡᠭᠡᠳ  ᠲᠤ ᠨᠡᠶᠢᠭᠡᠮ ᠳᠤ ᠠᠭᠤᠰᠬᠤ᠂  ᠴᠢᠳᠠᠪᠤᠷᠢ ᠶᠢ ᠨᠢ ᠳᠡᠭᠡᠭᠰᠢᠯᠡᠬᠦᠯᠬᠦ᠂ ᠪᠤᠳᠤᠯ ᠰᠡᠳᠬᠢᠴᠡ ᠢ ᠨᠢ ᠵᠦᠭᠰᠢᠷᠡᠬᠦᠯᠦᠨ  ᠵᠢᠯᠤᠭᠤᠳᠬᠤ ᠵᠡᠷᠡᠭᠡ ᠳᠤᠰᠬᠠᠢ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠭᠡᠷᠡᠭᠳᠡᠢ᠃                  ᠳᠠᠪᠢᠨ ᠵᠢᠷᠭᠤᠳᠤᠭᠠᠷ ᠵᠦᠢᠯ   ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ  ᠮᠦᠴᠢᠷ ᠬᠢᠭᠡᠳ ᠬᠤᠯᠪᠤᠭᠳᠠᠯ ᠪᠦᠬᠦ ᠪᠠᠶᠢᠭᠤᠯᠤᠮᠵᠢ ᠨᠢ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ  ᠳᠤᠰᠠᠯᠠᠯᠳᠠ ᠳᠤ ᠤᠷᠤᠯᠴᠠᠭᠤᠯᠬᠤ ᠵᠠᠮ ᠰᠤᠭᠤᠭ ᠪᠤᠯᠤᠨ ᠳᠤᠭᠳᠠᠴᠠ ᠶᠢ ᠪᠠᠶᠢᠭᠤᠯᠵᠤ᠂ ᠨᠡᠶᠢᠭᠡᠮ ᠤᠨ ᠠᠪᠤᠷᠠᠨ  ᠳᠤᠰᠠᠯᠠᠯᠳᠠ ᠶᠢᠨ ᠳᠦᠷᠦᠯ ᠵᠦᠢᠯ᠂ ᠭᠡᠷᠡᠭᠴᠡᠭᠡᠨ ᠤ ᠴᠢᠮᠡᠭᠡ ᠵᠠᠩᠬᠢ ᠶᠢ ᠬᠠᠨᠭ᠍ᠭᠠᠨ᠂ ᠨᠡᠶᠢᠭᠡᠮ ᠤᠨ ᠬᠦᠴᠤᠨ ᠤ  ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠬᠤ ᠳᠤ ᠨᠦᠬᠦᠴᠡᠯ ᠪᠦᠷᠢᠯᠳᠦᠬᠦᠯᠵᠤ ᠳᠦᠬᠦᠮ ᠦᠵᠡᠬᠦᠯᠬᠦ  ᠭᠡᠷᠡᠭᠳᠡᠢ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ