ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ ︵ᠠᠷᠪᠠᠨ ᠨᠢᠭᠡ︶
ᠨᠡᠶᠢᠲᠡᠯᠡᠭᠰᠡᠨ ᠴᠠᠭ᠄
2022/9/22
ᠠᠷᠪᠠᠨ ᠨᠢᠭᠡᠳᠤᠭᠡᠷ ᠪᠦᠯᠦᠭ    ᠬᠢᠨᠠᠨ ᠬᠠᠮᠢᠶᠠᠷᠤᠯᠳᠠ              ᠳᠠᠪᠢᠨ ᠳᠤᠯᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠳ ᠤᠨ ᠵᠠᠰᠠᠭ ᠤᠨ  ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ  ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠬᠠᠢ ᠬᠢᠨᠠᠨ ᠪᠠᠶᠢᠴᠠᠭᠠᠯᠳᠠ  ᠪᠠᠨ ᠴᠢᠩᠭᠠᠳᠬᠠᠨ᠂ ᠬᠤᠯᠪᠤᠭᠳᠠᠯ  ᠪᠦᠬᠦᠢ ᠬᠢᠨᠠᠨ ᠬᠠᠮᠢᠶᠠᠷᠤᠯᠳᠠ ᠶᠢᠨ ᠳᠦᠷᠢᠮ ᠳᠤᠭᠳᠠᠭᠠᠯ ᠢᠶᠠᠨ ᠳᠡᠬᠦᠯᠳᠡᠷᠵᠢᠬᠦᠯᠬᠦ  ᠭᠡᠷᠡᠭᠳᠡᠢ᠃             ᠳᠠᠪᠢᠨ ᠨᠠᠢᠮᠠᠳᠤᠭᠠᠷ ᠵᠦᠢᠯ   ᠭᠤᠶᠤᠴᠢᠯᠠᠬᠤ ᠪᠤᠶᠤ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ  ᠤᠯᠤᠭᠰᠠᠨ ᠭᠡᠷ ᠪᠦᠯᠢ ᠨᠢ᠂ ᠳᠤᠭᠳᠠᠭᠠᠯ ᠶᠤᠰᠤᠭᠠᠷ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋  ᠬᠦᠷᠦᠩᠭᠡ ᠶᠢᠨ ᠪᠠᠶᠢᠳᠠᠯ ᠢᠶᠠᠨ ᠦᠨᠡᠨ ᠮᠦᠨ ᠢᠶᠠᠷ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ ᠱᠠᠳᠤᠨ ᠠᠴᠠ  ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ᠂ ᠭᠤᠶᠤᠴᠢᠯᠠᠬᠤ  ᠪᠤᠶᠤ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠤᠯᠤᠭᠰᠠᠨ ᠭᠡᠷ ᠪᠦᠯᠢ ᠶᠢᠨ ᠭᠤᠶᠤᠯᠳᠠ ᠨᠠᠶᠢᠳᠠᠯᠠᠭ᠎ᠠ ᠶᠢ  ᠦᠨᠳᠦᠰᠦᠯᠡᠨ᠂ ᠡᠷᠦᠭᠡ ᠠᠮᠠ ᠶᠢᠨ ᠳᠠᠩᠰᠠ ᠶᠢᠨ ᠬᠠᠮᠢᠶᠠᠷᠤᠯᠳᠠ᠂ ᠭᠠᠶᠢᠯᠢ ᠶᠢᠨ ᠶᠠᠪᠤᠳᠠᠯ᠂ ᠨᠡᠶᠢᠭᠡᠮ ᠤᠨ  ᠳᠠᠭᠠᠳᠬᠠᠯ᠂ ᠳᠤᠭᠳᠠᠮᠠᠯ ᠬᠦᠷᠦᠩᠭᠡ ᠶᠢᠨ ᠳᠠᠩᠰᠠᠯᠠᠯᠳᠠ᠂ ᠦᠢᠯᠡᠳᠪᠤᠷᠢ ᠬᠤᠳᠠᠯᠳᠤᠭᠠᠨ ᠤ ᠳᠠᠩᠰᠠᠯᠠᠯᠳᠠ᠂ ᠤᠷᠤᠨ  ᠰᠠᠭᠤᠴᠠ ᠶᠢᠨ ᠨᠡᠶᠢᠳᠡ ᠶᠢᠨ ᠬᠤᠷᠠᠮᠳᠤᠭᠤᠯᠤᠯ ᠮᠦᠡᠭᠬᠦ ᠶᠢᠨ ᠬᠠᠮᠢᠶᠠᠷᠤᠯᠳᠠ᠂ ᠳᠡᠷᠭᠡ ᠬᠦᠰᠭᠡᠨ ᠤ ᠬᠠᠮᠢᠶᠠᠷᠤᠯᠳᠠ  ᠵᠡᠷᠭᠡ ᠪᠠᠶᠢᠭᠤᠯᠭ᠎ᠠ ᠨᠢᠭᠡᠴᠢ ᠪᠤᠯᠤᠨ ᠪᠠᠩᠬᠢ᠂ ᠳᠠᠭᠠᠳᠬᠠᠯ᠂ ᠦᠨᠡᠳᠤ ᠳᠡᠮᠳᠡᠭ ᠵᠡᠷᠭᠡ ᠮᠦᠡᠭᠬᠦᠨ ᠬᠦᠢᠯᠭᠡᠭᠡᠨ ᠤ  ᠪᠠᠶᠢᠭᠤᠯᠤᠮᠵᠢ ᠪᠠᠷ ᠤᠷᠤᠯᠠᠭᠤᠯᠤᠨ ᠯᠠᠪᠯᠠᠨ ᠪᠠᠶᠢᠴᠠᠭᠠᠯᠭᠠᠵᠤ᠂ ᠭᠡᠷ ᠪᠦᠯᠢ ᠶᠢᠨ ᠬᠢᠨ ᠤ ᠤᠷᠤᠯᠭ᠎ᠠ ᠶᠢᠨ ᠪᠠᠶᠢᠳᠠᠯ᠂  ᠡᠳ᠋ ᠬᠦᠷᠦᠩᠭᠡ ᠶᠢᠨ ᠪᠠᠶᠢᠳᠠᠯ ᠢ ᠬᠠᠷᠭᠤᠭᠤᠯᠤᠨ ᠳᠤᠳᠤᠯᠠᠵᠤ ᠪᠤᠯᠤᠨ᠎ᠠ︔ ᠬᠤᠯᠪᠤᠭᠳᠠᠯ ᠪᠦᠬᠦᠢ ᠪᠠᠶᠢᠭᠤᠯᠭ᠎ᠠ  ᠨᠢᠭᠡᠴᠢ ᠪᠤᠯᠤᠨ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠨᠢ ᠬᠠᠮᠵᠢᠬᠤ ᠭᠡᠷᠡᠭᠳᠡᠢ᠃ ᠬᠤᠰᠢᠭᠤ ᠰᠢᠶᠠᠨ ᠤ ᠱᠠᠳᠤᠨ  ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ᠂  ᠭᠤᠶᠤᠴᠢᠯᠠᠬᠤ ᠪᠠ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ ᠤᠯᠤᠭᠰᠠᠨ ᠭᠡᠷ  ᠪᠦᠯᠢ ᠶᠢᠨ ᠠᠵᠤ  ᠠᠬᠤᠢ ᠶᠢᠨ ᠪᠠᠶᠢᠳᠠᠯ ᠤᠨ ᠴᠢᠮᠡᠭᠡ ᠵᠠᠩᠬᠢ ᠶᠢ ᠬᠠᠷᠭᠤᠭᠤᠯᠬᠤ ᠳᠠᠪᠴᠠᠩ ᠢ ᠪᠠᠶᠢᠭᠤᠯᠤᠨ᠂ ᠨᠡᠶᠢᠭᠡᠮ ᠤᠨ  ᠠᠪᠤᠷᠠᠨ  ᠳᠤᠰᠠᠯᠠᠬᠤ ᠡᠳᠡᠭᠡᠳ ᠢ ᠬᠢᠨᠠᠨ  ᠰᠢᠯᠭᠠᠵᠤ ᠨᠤᠳᠠᠯᠠᠨ  ᠳᠤᠭᠳᠠᠭᠠᠬᠤ ᠳᠤ  ᠦᠨᠳᠦᠰᠤ ᠪᠠᠷᠢᠮᠳᠠ ᠬᠠᠨᠭ᠍ᠭᠠᠬᠤ   ᠭᠡᠷᠡᠭᠳᠡᠢ᠃                 ᠳᠠᠪᠢ ᠶᠢᠰᠦᠳᠤᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠰᠤᠮᠤ  ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ  ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠠᠭᠠᠨ ᠨᠡᠶᠢᠭᠡᠮ ᠤᠨ  ᠠᠪᠤᠷᠠᠨ ᠳᠤᠰᠠᠯᠠᠬᠤ ᠳᠦᠷᠦᠯ ᠵᠦᠢᠯ ᠲᠠᠢ ᠬᠤᠯᠪᠤᠭᠳᠠᠬᠤ ᠮᠠᠲ᠋ᠧᠷᠢᠶᠠᠯ ᠢ ᠡᠷᠢᠵᠤ ᠦᠵᠡᠵᠤ᠂ ᠳᠡᠮᠳᠡᠭᠯᠡᠵᠤ᠂ ᠳᠠᠬᠢᠨ  ᠳᠠᠷᠤᠮᠠᠯᠯᠠᠵᠤ ᠪᠤᠯᠬᠤ ᠪᠦᠭᠡᠳ ᠨᠡᠶᠢᠭᠡᠮ ᠤᠨ ᠠᠪᠤᠷᠠᠨ ᠳᠤᠰᠠᠯᠠᠬᠤ ᠳᠦᠷᠦᠯ ᠵᠦᠢᠯ ᠳᠤ ᠬᠤᠯᠪᠤᠭᠳᠠᠬᠤ ᠪᠠᠶᠢᠭᠤᠯᠭ᠎ᠠ  ᠨᠢᠭᠡᠴᠢ᠂ ᠬᠤᠪᠢ ᠬᠦᠮᠦᠨ ᠠᠴᠠ ᠠᠰᠠᠭᠤᠵᠤ ᠰᠤᠷᠠᠨ᠂ ᠳᠡᠳᠡᠨ ᠢᠶᠠᠷ ᠬᠤᠯᠪᠤᠭᠳᠠᠯ ᠪᠦᠬᠦᠢ ᠪᠠᠶᠢᠳᠠᠯ ᠳᠤ  ᠳᠤᠳᠤᠷᠬᠠᠢᠢᠯᠠᠯᠳᠠ ᠬᠢᠯᠭᠡᠵᠤ᠂ ᠬᠤᠯᠪᠤᠭᠳᠠᠯ ᠪᠦᠬᠦᠢ ᠭᠡᠷᠡᠴᠢ ᠮᠠᠲ᠋ᠧᠷᠢᠶᠠᠯ ᠬᠠᠨᠭ᠍ᠭᠠᠬᠤ ᠶᠢ ᠱᠠᠭᠠᠷᠳᠠᠵᠤ ᠪᠤᠯᠤᠨ᠎ᠠ᠃  ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ᠂ ᠬᠤᠪᠢ ᠬᠦᠮᠦᠨ ᠨᠢ ᠪᠠᠶᠢᠳᠠᠯ ᠢ ᠦᠨᠡᠨ ᠮᠦᠨ ᠢᠶᠠᠷ ᠨᠢ ᠳᠤᠰᠬᠠᠵᠤ  ᠦᠭᠬᠦ ᠭᠡᠷᠡᠭᠳᠡᠢ᠃             ᠵᠢᠷᠠᠳᠤᠭᠠᠷ ᠵᠦᠢᠯ   ᠨᠡᠶᠢᠭᠡᠮ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠳᠤᠰ ᠠᠷᠭ᠎ᠠ ᠶᠢᠨ  ᠳᠤᠭᠳᠠᠭᠠᠯ ᠶᠤᠰᠤᠭᠠᠷ ᠳᠤᠷᠠᠳᠬᠤ ᠭᠡᠷᠡᠭᠳᠡᠢ︔ ᠭᠤᠶᠤᠴᠢᠯᠠᠬᠰᠠᠳ ᠨᠢ ᠨᠡᠶᠢᠭᠡᠮ ᠤᠨ ᠠᠪᠤᠷᠠᠨ ᠳᠤᠰᠠᠯᠠᠬᠤ  ᠠᠵᠢᠯ ᠤᠨ  ᠬᠠᠮᠢᠶᠠᠷᠤᠯᠳᠠ ᠶᠢᠨ ᠰᠠᠯᠠᠭ᠎ᠠ ᠮᠦᠴᠢᠷ ᠢ ᠳᠤᠳᠤᠷᠬᠠᠢ ᠰᠤᠩᠭᠤᠵᠤ ᠴᠢᠳᠠᠬᠤ ᠦᠭᠡᠢ ᠪᠤᠯ ᠤᠷᠢᠳᠠᠪᠠᠷ  ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ ᠰᠢᠶᠠᠨ ᠤ  ᠱᠠᠳᠤᠨ ᠤ ᠠᠷᠠᠳ ᠤᠨ  ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠠᠴᠠ ᠳᠤᠰᠠᠯᠠᠮᠵᠢ ᠭᠤᠶᠤᠵᠤ  ᠪᠤᠯᠤᠨ᠎ᠠ᠃ ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ  ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ  ᠶᠠᠪᠤᠳᠠᠯ ᠤᠨ ᠰᠠᠯᠠᠭ᠎ᠠ ᠮᠦᠴᠢᠷ ᠨᠢ  ᠭᠤᠶᠤᠴᠢᠯᠠᠯᠳᠠ ᠶᠢ ᠳᠤᠰᠤᠭᠰᠠᠨ ᠤ ᠳᠠᠷᠠᠭ᠎ᠠ ᠴᠠᠭ ᠳᠤᠬᠠᠢ ᠳᠤ ᠨᠢ ᠬᠦᠢᠴᠡᠳᠭᠡᠵᠤ ᠦᠭᠬᠦ ᠪᠤᠶᠤ ᠪᠤᠰᠤᠳ  ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ  ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠳᠠᠮᠵᠢᠭᠤᠯᠤᠨ  ᠳᠤᠰᠢᠶᠠᠵᠤ᠂ ᠬᠦᠢᠴᠡᠳᠭᠡᠯᠭᠡᠵᠤ ᠪᠤᠯᠤᠨ᠎ᠠ᠃ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂  ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ  ᠠᠪᠤᠷᠠᠨ ᠳᠤᠰᠠᠯᠠᠯᠳᠠ ᠶᠢᠨ ᠭᠤᠶᠤᠯᠳᠠ ᠶᠢ  ᠨᠢᠭᠡᠳᠤᠯᠳᠡᠢ ᠬᠦᠯᠢᠶᠡᠨ ᠠᠪᠬᠤ ᠴᠤᠩᠬᠤᠪᠴᠢ ᠭᠠᠷᠭᠠᠨ᠂ ᠴᠠᠭ ᠳᠠᠷᠤᠢ ᠳᠤ ᠨᠢ ᠬᠦᠯᠢᠶᠡᠨ ᠠᠪᠴᠤ᠂  ᠭᠤᠶᠤᠴᠢᠯᠠᠭᠰᠠᠨ ᠤᠴᠢᠷ ᠶᠠᠪᠤᠳᠠᠯ ᠢ ᠳᠠᠮᠵᠢᠭᠤᠯᠤᠨ ᠦᠭᠴᠤ ᠬᠦᠢᠴᠡᠳᠭᠡᠬᠦᠯᠬᠦ ᠭᠡᠷᠡᠭᠳᠡᠢ᠃                 ᠵᠢᠷᠠᠨ ᠨᠢᠭᠡᠳᠤᠭᠡᠷ ᠵᠦᠢᠯ  ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠵᠤ  ᠪᠠᠶᠢᠭ᠎ᠠ ᠠᠵᠢᠯᠳᠠᠳ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠮᠳᠠ ᠪᠠᠨ ᠤᠯᠵᠤ ᠮᠡᠳᠡᠭᠰᠡᠨ ᠡᠷᠭᠡᠳᠤ   ᠠᠷᠠᠳ ᠤᠨ ᠬᠤᠪᠢ ᠬᠦᠮᠦᠨ ᠤ ᠴᠢᠮᠡᠭᠡ ᠵᠠᠩᠬᠢ ᠶᠢᠨ ᠳᠤᠭᠳᠠᠭᠠᠯ ᠶᠤᠰᠤᠭᠠᠷ ᠵᠠᠷᠯᠠᠨ ᠨᠡᠶᠢᠳᠡᠯᠡᠬᠦ ᠴᠢᠮᠡᠭᠡ ᠵᠠᠩᠬᠢ  ᠭᠠᠷᠭᠠᠪᠠᠯ ᠪᠤᠰᠤᠳ ᠤᠨ ᠬᠢᠨᠢ ᠨᠢᠭᠤᠴᠠ ᠶᠢ ᠬᠠᠮᠠᠭᠠᠯᠠᠬᠤ ᠭᠡᠷᠡᠭᠳᠡᠢ᠃               ᠵᠢᠷᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ  ᠵᠠᠰᠠᠭ ‍ᠤᠨ‌ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ  ᠰᠤᠨᠢᠨ ᠰᠡᠳᠬᠦᠯ᠂  ᠷᠠᠳᠢᠤ᠋᠂ ᠲᠧᠯᠸᠢᠰ᠂ ᠢᠨᠲ᠋ᠧᠷ ᠰᠦᠯᠵᠢᠶ᠎ᠠ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂  ᠨᠡᠶᠢᠭᠡᠮ ᠤᠨ ᠠᠪᠤᠷᠠᠨ ᠳᠤᠰᠠᠯᠠᠬᠤ ᠬᠠᠤᠯᠢ ᠴᠠᠭᠠᠵᠠ ᠳᠦᠷᠢᠮ ᠳᠤᠭᠳᠠᠭᠠᠯ ᠪᠤᠯᠤᠨ ᠳᠦᠷᠦ ᠶᠢᠨ ᠪᠤᠳᠤᠯᠭ᠎ᠠ ᠶᠢ  ᠤᠬᠠᠭᠤᠯᠬᠤ ᠭᠡᠷᠡᠭᠳᠡᠢ᠃ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠭᠡᠳ ᠨᠡᠶᠢᠭᠡᠮ ᠤᠨ  ᠠᠪᠤᠷᠠᠨ ᠳᠤᠰᠠᠯᠠᠬᠤ ᠰᠠᠯᠠᠭ᠎ᠠ  ᠮᠦᠴᠢᠷ ᠨᠢ ᠨᠡᠶᠢᠳᠡ ᠶᠢᠨ ᠡᠷᠢᠵᠤ ᠦᠵᠡᠬᠦ ᠦᠷᠦᠭᠡ᠂ ᠮᠠᠲ᠋ᠧᠷᠢᠶᠠᠯ ᠡᠷᠢᠵᠤ ᠠᠪᠬᠤ  ᠴᠢᠭ᠋᠂ ᠴᠢᠮᠡᠭᠡ ᠵᠠᠩᠬᠢ ᠵᠠᠷᠯᠠᠨ ᠨᠡᠶᠢᠳᠡᠯᠡᠬᠦ ᠪᠤᠯᠤᠩ ᠵᠡᠷᠭᠡ ᠤᠯᠠᠨ ᠳᠠᠶᠠᠭᠠᠷ ᠤᠨ ᠤᠯᠵᠤ ᠮᠡᠳᠡᠬᠦ ᠳᠤ ᠳᠦᠬᠦᠮ  ᠳᠦᠳᠡ ᠪᠤᠯᠭᠠᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋  ᠪᠤᠳᠠᠰ ᠤᠨ ᠬᠠᠮᠢᠶᠠᠷᠤᠯᠳᠠ ᠪᠤᠯᠤᠨ ᠵᠠᠷᠤᠵᠤ  ᠭᠡᠷᠡᠭᠯᠡᠭᠰᠡᠨ ᠪᠠᠶᠢᠳᠠᠯ ᠢ ᠴᠠᠭ ᠳᠤᠬᠠᠢ ᠳᠤ ᠢᠯᠠ ᠪᠤᠯᠭᠠᠵᠤ᠂  ᠨᠡᠶᠢᠭᠡᠮ ᠤᠨ ᠬᠢᠨᠠᠯᠳᠠ ᠶᠢ ᠬᠦᠯᠢᠶᠡᠬᠦ ᠭᠡᠷᠡᠭᠳᠡᠢ᠃              ᠵᠢᠷᠠᠨ ᠭᠤᠷᠪᠠᠳᠤᠭᠠᠷ ᠵᠦᠢᠯ   ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ  ᠬᠦᠢᠴᠡᠳᠭᠡᠵᠤ ᠪᠠᠶᠢᠭ᠎ᠠ ᠠᠵᠢᠯᠳᠠᠳ ᠡᠷᠭᠡ ᠳᠤᠰᠢᠶᠠᠯ ᠢᠶᠠᠨ ᠭᠡᠷᠡᠭᠵᠢᠬᠦᠯᠬᠦ ᠳᠡᠭᠡᠨ ᠨᠡᠶᠢᠭᠡᠮ ᠤᠨ ᠬᠢᠨᠠᠯᠳᠠ ᠶᠢ  ᠬᠦᠯᠢᠶᠡᠬᠦ ᠭᠡᠷᠡᠭᠳᠡᠢ᠃ ᠶᠠᠮᠠᠷᠪᠠ ᠪᠠᠶᠢᠭᠤᠯᠭ᠎ᠠ ᠨᠢᠭᠡᠴᠢ᠂ ᠬᠤᠪᠢ ᠬᠦᠮᠦᠨ ᠨᠢ ᠨᠡᠶᠢᠭᠡᠮ ᠤᠨ ᠠᠪᠤᠷᠠᠨ ᠳᠤᠰᠠᠯᠬᠤ  ᠡᠬᠦᠷᠭᠡ ᠬᠠᠷᠢᠭᠤᠴᠠᠯᠭ᠎ᠠ ᠬᠦᠢᠴᠡᠳᠭᠡᠭᠴᠢ ᠠᠵᠢᠯᠳᠠᠳ ᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠮᠳᠠᠬᠢ  ᠬᠠᠤᠯᠢ ᠳᠦᠷᠢᠮ  ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠤ᠂ ᠵᠠᠭᠠᠯᠳᠤᠬᠤ ᠡᠷᠭᠡ ᠲᠠᠢ᠃  ᠢᠯᠡᠴᠢᠯᠡᠨ ᠮᠡᠳᠡᠬᠦᠯᠦᠯᠳᠠ᠂ ᠵᠠᠭᠠᠯᠳᠤᠯᠭ᠎ᠠ ᠶᠢ ᠬᠦᠯᠢᠶᠠᠨ ᠠᠪᠤᠭᠰᠠᠨ ᠪᠠᠶᠢᠭᠤᠯᠭ᠎ᠠ ᠨᠢ ᠴᠠᠭ ᠳᠤᠬᠠᠢ ᠳᠤ ᠨᠢ  ᠪᠠᠶᠢᠴᠠᠭᠠᠨ ᠳᠤᠳᠤᠯᠠᠵᠤ ᠰᠢᠢᠳᠪᠤᠷᠢᠯᠡᠬᠦ ᠭᠡᠷᠡᠭᠳᠡᠢ᠃              ᠵᠢᠷᠡᠨ ᠳᠦᠷᠪᠡᠳᠤᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠤᠳᠤᠬᠤ ᠪᠠᠶᠢᠭᠤᠯᠭ᠎ᠠ ᠨᠢ ᠬᠠᠤᠯᠢ ᠶᠤᠰᠤᠭᠠᠷ  ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠤᠨ ᠴᠤᠭᠯᠠᠭᠤᠯᠭ᠎ᠠ᠂ ᠬᠤᠪᠢᠶᠠᠷᠢᠯᠠᠯᠳᠠ᠂  ᠬᠠᠮᠢᠶᠠᠷᠤᠯᠳᠠ ᠬᠢᠭᠡᠳ ᠭᠡᠷᠡᠭᠯᠡᠯᠳᠡ ᠳᠤ ᠨᠢ ᠬᠢᠨᠠᠯᠳᠠ ᠳᠠᠯᠪᠢᠬᠤ ᠭᠡᠷᠡᠭᠳᠡᠢ᠃                ᠵᠢᠷᠡᠨ ᠳᠠᠪᠤᠳᠤᠭᠠᠷ ᠵᠦᠢᠯ   ᠭᠤᠶᠤᠴᠢᠯᠠᠬᠤ ᠪᠤᠶᠤ ᠨᠢᠭᠡᠨᠳᠡ ᠨᠠᠶᠢᠭᠡᠮ ᠤᠨ ᠠᠪᠤᠷᠠᠨ ᠳᠤᠰᠠᠯᠠᠯᠳᠠ ᠶᠢ  ᠤᠯᠤᠭᠰᠠᠨ ᠭᠡᠷ ᠪᠦᠯᠢ ᠪᠠ ᠬᠤᠪᠢ ᠬᠦᠮᠦᠨ ᠨᠢ ᠨᠡᠶᠢᠭᠡᠮ ᠤᠨ ᠠᠪᠤᠷᠠᠨ ᠳᠤᠰᠠᠯᠬᠤ ᠠᠵᠢᠯ ᠤᠨ ᠬᠠᠮᠢᠶᠠᠷᠤᠯᠳᠠ ᠶᠢᠨ  ᠰᠠᠯᠠᠭ᠎ᠠ ᠮᠦᠴᠢᠷ ᠤᠨ ᠪᠤᠳᠠᠳᠠᠢ ᠵᠠᠰᠠᠭ ᠵᠠᠬᠢᠷᠭᠠᠨ ᠤ ᠠᠵᠢᠯᠯᠠᠭ᠎ᠠ ᠶᠢ ᠵᠦᠪᠰᠢᠶᠡᠷᠡᠬᠦ ᠦᠭᠡᠢ ᠪᠤᠯ ᠬᠠᠤᠯᠢ ᠶᠤᠰᠤᠭᠠᠷ  ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠤ ᠪᠤᠯᠤᠨ᠎ᠠ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ