ᠰᠤᠷᠭᠠᠨ ᠬᠥᠮᠦᠵᠢᠯ ᠤᠨ ᠶᠠᠮᠤᠨ᠄ ᠨᠢᠭᠡᠨᠲᠡ 58 ᠤᠯᠤᠰ ᠯᠤᠭ᠎ᠠ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠬᠠᠷᠢᠯᠴᠠᠨ ᠮᠡᠳᠡᠷᠡᠬᠦ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/9/22
      20 ᠤ ᠡᠳᠦᠷ᠂ ᠰᠤᠷᠭᠠᠨ ᠬᠥᠮᠦᠵᠢᠯ ᠤᠨ ᠶᠠᠮᠤᠨ  ᠪᠡᠭᠡᠵᠢᠩ ᠳᠤ  ᠰᠣᠨᠢᠨ  ᠮᠡᠳᠡᠭᠡ  ᠨᠡᠶᠢᠲᠡᠯᠡᠬᠦ  ᠬᠤᠷᠠᠯ  ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠤᠷᠭᠠᠨ  ᠬᠥᠮᠦᠵᠢᠯ ᠤᠨ  ᠣᠯᠠᠨ  ᠤᠯᠤᠰ ᠤᠨ  ᠬᠠᠮᠲᠤᠷᠠᠯᠴᠠᠭ᠎ᠠ ᠰᠣᠯᠢᠯᠴᠠᠭᠠᠨ ᠤ ᠪᠠᠶᠢᠳᠠᠯ ᠢ ᠲᠠᠨᠢᠯᠴᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ  ᠬᠤᠯᠪᠣᠭᠳᠠᠯ  ᠪᠥᠬᠦᠶ  ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠠᠷᠪᠠᠨ ᠵᠢᠯ ᠤᠨ ᠲᠤᠷᠰᠢ᠂ ᠮᠠᠨ ᠤ  ᠤᠯᠤᠰ ᠤᠨ  ᠰᠤᠷᠭᠠᠨ  ᠬᠥᠮᠦᠵᠢᠯ ᠤᠨ  ᠣᠯᠠᠨ  ᠤᠯᠤᠰ ᠤᠨ ᠬᠠᠮᠲᠤᠷᠠᠯᠴᠠᠭ᠎ᠠ ᠨᠡᠭᠡᠭᠡᠯᠲᠡ ᠶᠢᠨ ᠶᠡᠷᠦᠩᠬᠡᠶ ᠪᠠᠶᠢᠷᠢᠯᠠᠭᠤᠯᠤᠯᠲᠠ ᠲᠠᠰᠤᠷᠠᠯᠲᠠ ᠥᠬᠡᠶ ᠰᠢᠯᠢᠳᠡᠭᠵᠢᠵᠦ᠂ ᠰᠤᠷᠭᠠᠨ  ᠬᠥᠮᠦᠵᠢᠯ ᠤᠨ ︽ᠨᠠᠶᠢᠵᠠ ᠶᠢᠨ ᠲᠣᠭᠤᠷᠢᠭ︾ ᠨᠠᠩ ᠶᠡᠭᠡ ᠪᠣᠯᠵᠠᠶ᠃  ᠮᠠᠨ ᠤ  ᠤᠯᠤᠰ  181  ᠭᠠᠳᠠᠭᠠᠳᠤ  ᠬᠠᠷᠢᠯᠴᠠᠭ᠎ᠠ  ᠪᠠᠶᠢᠭᠤᠯᠤᠭᠰᠠᠨ‌ᠤᠯᠤᠰ ᠯᠤᠭ᠎ᠠ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠨᠡᠶᠢᠳᠡᠮ ᠥᠷᠨᠢᠭᠦᠯᠵᠦ᠂ 159  ᠤᠯᠤᠰ  ᠪᠠ ᠭᠠᠵᠠᠷ ᠣᠷᠣᠨ ᠲᠠᠢ ᠬᠠᠮᠲᠤᠷᠠᠨ ᠺᠦᠩᠽᠢ ᠶᠢᠨ ᠳᠡᠭᠡᠳᠦ ᠰᠤᠷᠭᠠᠭᠤᠯᠢ ︵ᠺᠦᠩᠽᠢ ᠶᠢᠨ ᠬᠢᠴᠢᠶᠡᠯ ᠤᠨ ᠲᠠᠩᠬᠢᠮ︶ ᠶᠢ ᠡᠷᠬᠢᠯᠡᠵᠤ᠂ 58 ᠤᠯᠤᠰ ᠯᠤᠭ᠎ᠠ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠬᠠᠷᠢᠯᠴᠠᠨ ᠮᠡᠳᠡᠷᠡᠬᠦ ᠬᠡᠯᠡᠯᠴᠡᠭᠡᠷ ᠲᠤ ᠭᠠᠷ ᠤᠨ  ᠦᠰᠦᠭ ᠵᠢᠷᠤᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ  ᠪᠠᠶᠢᠭᠤᠯᠬᠤ  ᠰᠤᠷᠭᠠᠨ  ᠬᠥᠮᠦᠵᠢᠯ ᠤᠨ  ᠠᠵᠢᠯᠯᠠᠭ᠎ᠠ ᠶᠢ  ᠭᠦᠨᠵᠡᠭᠡᠶ‌‍ᠬᠡᠷᠡᠭᠵᠢᠭᠦᠯᠦᠨ᠂  ᠤᠯᠤᠰ ᠤᠨ  ᠰᠤᠷᠭᠠᠨ  ᠬᠥᠮᠦᠵᠢᠯ ᠤᠨ  ᠬᠦᠷᠢᠶᠡᠨ ᠳᠠᠬᠢ  ᠬᠤᠯᠪᠣᠯᠳᠤᠨ  ᠨᠡᠪᠲᠡᠷᠡᠯᠴᠡᠬᠦ ᠶᠢ   ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠯᠦ ᠪᠠᠨ ᠤ ᠦᠢᠯᠡᠳᠬᠡᠯ ᠤᠨ ᠭᠠᠵᠠᠷ ᠢ 23 ᠪᠠᠶᠢᠭᠤᠯᠤᠨ᠂ ᠭᠠᠳᠠᠭᠠᠳᠤ ᠳᠠᠬᠢ ᠳᠤᠮᠳᠠᠳᠤ‌ᠤᠯᠤᠰ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢ ᠡᠬᠢᠯᠡᠭᠦᠯᠪᠡ ᠭᠡᠵᠡᠢ᠃              ᠰᠤᠷᠭᠠᠨ  ᠬᠥᠮᠦᠵᠢᠯ ᠤᠨ  ᠶᠠᠮᠤᠨ ᠤ  ᠪᠦᠷᠢᠳᠬᠡᠯ ᠢ  ᠦᠨᠳᠦᠰᠦᠯᠡᠪᠡᠯ᠂  ᠨᠠᠮ ᠤᠨ  ᠠᠷᠪᠠᠨ  ᠨᠠᠢᠮᠠᠳᠤᠭᠠᠷ   ᠶᠡᠭᠡ‌ᠬᠤᠷᠠᠯ ᠠᠴᠠ ᠨᠠᠰᠢ᠂  ᠮᠠᠨ ᠤ ᠤᠯᠤᠰ ᠤᠨ ᠡᠯ᠎ᠡ ᠲᠥᠷᠥᠯ ᠤᠨ ᠭᠠᠳᠠᠭᠠᠳᠤ ᠳᠤ ᠰᠤᠷᠤᠯᠴᠠᠭᠰᠠᠳ ᠤᠨ ᠳᠣᠲᠣᠷ᠎ᠠ  80  % ᠨᠢ‌‍ᠰᠤᠷᠤᠯᠭ᠎ᠠ ᠪᠠᠨ ᠪᠡᠶᠡᠯᠡᠭᠦᠯᠦᠭᠰᠡᠨ ᠤ ᠳᠠᠷᠠᠭ᠎ᠠ ᠤᠯᠤᠰ ᠲᠠᠭᠠᠨ ᠪᠤᠴᠠᠨ ᠢᠷᠡᠵᠦ ᠬᠥᠭᠵᠢᠭᠰᠡᠨ  ᠪᠠᠶᠢᠨ᠎ᠠ᠃  ᠡᠭᠦᠨ ᠤ  ᠬᠠᠮᠲᠤ᠂ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ ᠠᠵᠢᠯ ᠥᠷᠨᠢᠨ ᠬᠥᠭᠵᠢᠵᠦ᠂  ᠬᠢᠨᠠᠨ  ᠵᠥᠪᠰᠢᠶᠡᠷᠡᠬᠦ᠂  ᠬᠠᠮᠢᠶᠠᠷᠬᠤ᠂ ᠦᠨᠡᠯᠡᠨ ᠵᠢᠱᠢᠬᠦ᠂ ᠤᠬᠤᠷᠢᠨ ᠭᠠᠷᠬᠤ ᠲᠣᠭᠲᠠᠴᠠ ᠲᠠᠰᠤᠷᠠᠯᠲᠠ ᠥᠬᠡᠶ  ᠲᠡᠭᠦᠯᠳᠡᠷᠵᠢᠪᠡ᠃  ᠥᠩᠭᠡᠷᠡᠭᠰᠡᠨ  10  ᠵᠢᠯ ᠳᠤ᠂ ᠰᠢᠨ᠎ᠡ ᠪᠠᠷ ᠨᠡᠮᠡᠭᠳᠡᠭᠰᠡᠨ ᠵᠢᠩᠬᠢᠨᠢ ᠠᠩᠭᠢ ᠠᠴᠠ ᠳᠡᠭᠡᠭᠰᠢᠬᠢ ᠳᠤᠮᠳᠠᠳᠤ  ᠭᠠᠳᠠᠭᠠᠳᠤ ᠶᠢᠨ  ᠬᠠᠮᠲᠤᠷᠠᠨ  ᠰᠤᠷᠭᠠᠭᠤᠯᠢ  ᠡᠷᠭᠢᠯᠡᠬᠦ ᠪᠠᠶᠢᠭᠤᠯᠤᠮᠵᠢ ᠪᠠ ᠲᠥᠷᠥᠯ ᠵᠦᠢᠯ ᠤᠨ  ᠳᠣᠲᠣᠷ᠎ᠠ᠂  ᠪᠠᠶᠢᠭᠠᠯᠢ  ᠠᠵᠤ  ᠦᠢᠯᠡᠳᠪᠦᠷᠢ  ᠬᠦᠲᠡᠭᠡ  ᠠᠵᠤ  ᠠᠬᠤᠢ  ᠠᠨᠠᠭᠠᠬᠤ ᠤᠬᠠᠭᠠᠨ ᠤ ᠲᠥᠷᠥᠯ ᠤᠨ ᠡᠵᠡᠯᠡᠬᠦ ᠬᠠᠷᠢᠴᠠᠯ ᠨᠢ 65 % ᠳᠤ  ᠬᠦᠷᠴᠡᠶ᠃  ᠣᠶᠢᠷ᠎ᠠ ᠶᠢᠨ  ᠵᠢᠯ ᠠᠴᠠ  ᠨᠠᠰᠢ᠂  ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ ᠨᠢ ᠬᠢᠵᠢᠭ ᠤᠨ ᠪᠠᠶᠢᠳᠠᠯ ᠠᠴᠠ ᠪᠣᠯᠵᠣ ᠭᠠᠳᠠᠭᠠᠳᠤ ᠳᠤ ᠭᠠᠷᠴᠤ ᠰᠤᠷᠤᠯᠴᠠᠬᠤ ᠳᠤ ᠬᠠᠷᠰᠢ ᠰᠠᠭᠠᠳ ᠤᠴᠠᠷᠠᠭᠰᠠᠨ ᠪᠠᠶᠢᠳᠠᠯ ᠢ ᠰᠢᠢᠳᠪᠦᠷᠢᠯᠡᠬᠦ ᠳᠤ ᠢᠳᠡᠪᠬᠢᠲᠡᠶ ᠦᠢᠯᠡᠳᠦᠯ  ᠦᠵᠡᠭᠦᠯᠵᠦ᠂  ᠨᠡᠶᠢᠲᠡ  10000 ᠰᠢᠬᠠᠮ ᠬᠥᠮᠦᠨ ᠢ ᠡᠯᠰᠡᠪᠡ᠃  
ᠢᠷᠡᠯᠲᠡ᠄ ᠠᠷᠠᠳ ᠤᠨ ᠰᠦᠯᠵᠢᠶ᠎ᠡ