ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ ᠬᠥᠳᠡᠭᠡ ᠲᠣᠰᠬᠤᠨ ᠨᠠᠩ ᠪᠠᠶᠠᠨ ᠲᠠᠩᠰᠤᠭ ᠠᠮᠢᠳᠤᠷᠠᠯ ᠨᠠᠩ | ᠵᠣᠯ ᠵᠢᠷᠭᠠᠯ ᠲᠠᠢ ᠬᠥᠳᠡᠭᠡ ᠲᠣᠰᠬᠤᠨ ᠨᠠᠩ ᠦᠵᠡᠰᠭᠦᠯᠡᠩᠲᠦ ᠰᠠᠶᠢᠬᠠᠨ ᠪᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ | ᠲᠠᠪᠤᠳᠠᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠤ᠂ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ | ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠥᠷᠭᠡᠨ ᠤᠯᠠᠨ ᠲᠠᠷᠢᠶᠠᠴᠢᠳ ᠪᠣᠯᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠬᠡᠵᠤ ᠴᠢᠩ ᠰᠡᠳᠭᠢᠯ ᠠᠴᠠ ᠪᠠᠨ ᠲᠣᠬᠤᠨᠢᠭᠤᠯᠪᠠ᠃ | ᠰᠢ ᠶᠢᠨ ᠫᠢᠩ᠂ ᠡᠨᠡ ᠵᠢᠯ ᠪᠢᠳᠡ ᠨᠢᠳᠤᠨᠤᠨ ᠤ ᠤᠮᠠᠷᠠᠲᠤ ᠣᠷᠣᠨ ᠳᠤ ᠬᠤᠪᠣᠷ ᠲᠣᠬᠢᠶᠠᠯᠳᠤᠬᠤ ᠨᠠᠮᠤᠷ ᠤᠨ ᠪᠤᠷᠤᠭᠠᠨ ᠨᠠᠮᠤᠷ ᠤᠨ ᠦᠶᠡᠷ᠂ ᠡᠪᠦᠯ ᠤᠨ | ᠪᠣᠭᠤᠳᠠᠶ ᠶᠢ ᠶᠡᠭᠡ ᠬᠡᠪᠴᠢᠶ᠎ᠡ ᠪᠠᠷ ᠣᠷᠣᠶ ᠳᠠᠷᠢᠬᠰᠠᠨ᠂ ᠬᠡᠰᠡᠭ ᠭᠠᠵᠠᠷ ᠲᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠯᠠᠨ | ᠲᠠᠪᠠᠵᠥ᠂ ᠡᠮᠦᠨᠡᠲᠦ ᠣᠷᠣᠨ ᠤ ᠬᠡᠰᠡᠭ ᠭᠠᠵᠠᠷ ᠤᠨ ᠬᠦᠨᠳᠦ ᠨᠣᠴᠢᠲᠠᠶ ᠥᠨᠳᠥᠷ ᠬᠠᠯᠠᠭᠤᠨ ᠭᠠᠩ ᠬᠠᠭᠰᠠᠷᠠᠭᠠᠨ ᠤ ᠥᠷᠢᠰᠥᠯᠳᠦᠭᠡᠨ ᠢ ᠠᠷᠭᠠᠴᠠᠭᠠᠵᠤ᠂ ᠵᠣᠨ ᠤ | ᠠᠮᠤ ᠪᠤᠳᠠᠭ᠎ᠠ᠂ ᠡᠷᠲᠡ ᠶᠢᠨ ᠲᠤᠲᠤᠷᠭ᠎ᠠ ᠶᠢᠨ ᠤᠨᠠᠯᠲᠠ ᠶᠢ ᠨᠡᠮᠡᠭᠳᠡᠭᠦᠯᠵᠦ᠂ ᠠᠮᠤ ᠪᠤᠳᠠᠭᠠᠨ ᠤ ᠦᠶ᠋ᠯᠡᠳᠪᠦᠷᠢᠯᠡᠯ ᠳᠠᠬᠢᠨᠲᠠ ᠡᠯᠪᠡᠭ ᠬᠤᠷᠢᠶᠠᠯᠲᠠ ᠤᠯᠬᠤ | ᠪᠣᠯᠤᠮᠵᠢ ᠲᠠᠢ ᠪᠠᠶᠢᠨ᠎ᠠ ᠭᠡᠵᠥ ᠵᠢᠭᠠᠵᠥ ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠨᠡᠩ ᠪᠠᠶᠠᠨ ᠲᠠᠩᠰᠤᠭ᠂ ᠠᠮᠢᠳᠤᠷᠠᠯ ᠨᠡᠩ ᠵᠣᠯ ᠵᠢᠷᠭᠠᠯ ᠲᠠᠢ᠂ | ᠬᠥᠳᠡᠭᠡ ᠲᠣᠰᠬᠤᠨ ᠨᠡᠩ ᠦᠵᠡᠰᠭᠦᠯᠡᠩᠲᠦ ᠰᠠᠶᠢᠬᠠᠨ ᠪᠣᠯᠬᠤ ᠶᠢ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠥᠷᠭᠡᠨ ᠤᠯᠠᠨ ᠲᠠᠷᠢᠶᠠᠴᠢᠨ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠭᠡᠬᠦ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠠᠮᠢᠳᠤᠷᠠᠯ ᠢᠶᠠᠨ ᠤᠯᠠᠮ ᠰᠠᠶᠢᠵᠢᠷᠠᠭᠤᠯᠵᠤ᠂ | ᠠᠮᠢᠳᠤᠷᠠᠯ ᠢᠶᠠᠨ ᠲᠠᠬᠢᠨᠳᠠ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠥ ᠴᠢᠬᠤᠯᠠᠴᠢᠯᠠᠪᠠ︕ | | |