ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠠᠵᠤ ᠠᠬᠤᠢ ᠶᠢᠨ ᠲᠣᠭᠲᠠᠭᠤᠨ ᠢᠶᠠᠷ ᠥᠭᠡᠳᠡᠯᠡᠨ | ᠳᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ | ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠵᠤ ᠠᠵᠤ ᠠᠬᠤᠶᠢᠯᠠᠯ ᠪᠠ | ᠣᠯᠠᠨ ᠲᠦᠮᠡᠨ ᠳᠤ ᠨᠡᠩ ᠲᠥᠬᠦᠮ ᠦᠵᠡᠭᠦᠯᠬᠦ ᠪᠠᠷ ᠲᠣᠭᠲᠠᠭᠠᠪᠠ | ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠴᠢᠩᠭᠠᠷᠠᠭᠤᠯᠬᠤ ᠪᠠ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠪᠠᠷ ᠠᠵᠤ ᠠᠬᠤᠢ ᠶᠢᠨ ᠲᠣᠭᠲᠠᠪᠤᠷᠢᠲᠠᠢ ᠠᠵᠢᠯᠯᠠᠭᠠᠨ ᠢ ᠲᠤᠯᠭᠠᠭᠤᠷᠢᠯᠠᠬᠤ ᠪᠠᠷ | ᠲᠣᠭᠲᠠᠭᠠᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ | ᠪᠠᠲᠤᠯᠠᠪᠠ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 21 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ | ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ᠨᠡᠩ ᠲᠦᠭᠦᠮ ᠦᠵᠡᠭᠦᠯᠬᠦ ᠪᠠᠷ ᠲᠣᠭᠲᠠᠭᠠᠪᠠ︔ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ | ᠰᠠᠭᠠᠳ ᠦᠭᠡᠢ ᠨᠡᠪᠲᠡᠷᠡᠬᠦ ᠶᠢ ᠴᠢᠩᠭᠠᠷᠠᠭᠤᠯᠬᠤ ᠪᠠ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠶᠢ ᠳᠡᠮᠵᠢᠬᠦ | ᠲᠦᠷᠦ ᠶᠢᠨ ᠪᠣᠳᠣᠯᠭ᠎ᠠ ᠪᠠᠷ ᠠᠵᠤ ᠠᠬᠤᠢ ᠶᠢᠨ ᠲᠣᠭᠲᠠᠪᠤᠷᠢᠲᠠᠢ ᠠᠵᠢᠯᠯᠠᠭᠠᠨ ᠢ ᠲᠤᠯᠭᠠᠭᠤᠷᠢᠯᠠᠬᠤ ᠪᠠᠷ ᠲᠣᠭᠲᠠᠭᠠᠪᠠ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠠᠲᠤᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ | ᠣᠶᠢᠷ᠎ᠠ ᠶᠢᠨ ᠬᠤᠭᠤᠴᠠᠭᠠᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠡᠰᠡᠭ ᠭᠠᠵᠠᠷ ᠣᠷᠣᠨ ᠳᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ | ᠪᠠᠶᠢᠴᠠᠭᠠᠯᠲᠠ ᠶᠢ ᠥᠷᠨᠢᠭᠦᠯᠪᠡ᠃ ᠣᠷᠣᠨ ᠨᠤᠲᠤᠭ ᠤᠨ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠬᠦᠴᠦ ᠲᠠᠯᠪᠢᠨ | ᠬᠢᠨᠠᠨ ᠵᠢᠯᠤᠭᠤᠳᠤᠭᠰᠠᠨ ᠪᠠ ᠪᠠᠶᠢᠴᠠᠭᠠᠵᠤ᠂ ᠣᠷᠣᠨ ᠨᠤᠲᠤᠭ ᠤᠨ ᠲᠤᠰᠬᠠᠭᠰᠠᠨ ᠨᠢᠭᠡ ᠪᠦᠯᠦᠭ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠪᠠ︔ | ᠭᠤᠣᠯᠳᠠᠭᠤ ᠳᠠᠯᠳᠠᠭᠤᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠱᠠᠯᠠᠪᠳᠠᠭᠤᠯᠤᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠪᠡ᠃ ᠲᠠᠷᠠᠭᠠᠴᠢ ᠶᠢᠨ ᠠᠯᠬᠤᠮ ᠳᠤ ᠠᠰᠠᠭᠤᠳᠠᠯ ᠤᠨ ᠨᠠᠷᠢᠨ ᠲᠠᠩᠰᠠ ᠶᠢ ᠣᠷᠣᠨ ᠨᠤᠲᠤᠭ ᠪᠠ ᠰᠠᠯᠠᠭ᠎ᠠ | ᠮᠥᠴᠢᠷ ᠲᠤ ᠳᠠᠮᠵᠢᠭᠤᠯᠵᠤ᠂ ᠨᠢᠭᠡ ᠠᠴᠠ ᠭᠤᠷᠪᠠ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠤᠨ᠎ᠠ᠃ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠭᠤᠨ | ᠪᠠᠶᠢᠯᠭᠠᠬᠤ ᠡᠯ᠎ᠡ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠳᠤᠭᠤᠶᠢᠯᠠᠩ ᠤᠳ ︽ᠹᠷᠣᠨᠲ ᠳᠡᠭᠡᠷ᠎ᠡ ᠠᠵᠢᠯᠯᠠᠬᠤ︾ ᠪᠠᠶᠢᠳᠠᠯ ᠢᠶᠠᠨ ᠪᠠᠲᠤᠯᠠᠵᠤ᠂ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ ᠠᠰᠠᠭᠤᠳᠠᠯ ᠢ ᠦᠷᠭᠦᠯᠵᠢᠯᠡᠨ ᠵᠣᠬᠢᠴᠠᠭᠤᠯᠤᠨ ᠰᠢᠢᠳᠪᠦᠷᠢᠯᠡᠵᠦ᠂ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠢᠶᠠᠷ ᠳᠡᠮᠵᠢᠬᠦ ᠰᠠᠭᠤᠷᠢ ᠪᠡᠯᠡᠳᠬᠡᠮᠵᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠲᠣᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠪᠡᠯᠡ ᠣᠷᠣᠭᠤᠯᠤᠯᠲᠠ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠳ ᠠᠵᠤ ᠠᠬᠤᠢ ᠶᠢ ᠲᠣᠭᠲᠠᠪᠤᠷᠢᠵᠢᠭᠤᠯᠵᠤ | ᠠᠷᠠᠳ ᠤᠨ ᠠᠮᠢᠳᠤᠷᠠᠯ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠭᠲᠠᠭᠠᠮᠵᠢ ᠪᠠᠷ ᠶᠡᠭᠡ ᠮᠤᠵᠢ ᠣᠷᠣᠨ ᠨᠤᠭᠤᠳ ᠭᠤᠣᠯ ᠡᠭᠦᠷᠭᠡ ᠶᠢ | ᠡᠭᠦᠷᠭᠡᠯᠡᠨ᠂ ᠬᠠᠮᠲᠤ ᠪᠠᠷ ᠴᠢᠷᠮᠠᠶᠢᠵᠤ ᠪᠠᠶᠢᠭᠠᠳ ᠠᠵᠤ ᠠᠬᠤᠢ ᠠᠵᠤ ᠠᠬᠤᠶᠢᠯᠠᠯ ᠤᠨ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ ᠲᠣᠭᠲᠠᠭᠤᠨ ᠢᠶᠠᠷ ᠥᠭᠡᠳᠡᠯᠡᠨ | ᠲᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠠᠢ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ | ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠬᠤᠷᠠᠯ ᠠᠴᠠ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠠᠴᠠ ᠠᠪᠤᠭᠠᠳ ᠬᠦᠴᠦᠨ ᠦᠭᠡᠢ ᠪᠣᠯᠭᠠᠬᠤ᠂ ᠬᠤᠪᠢ ᠬᠥᠮᠥᠨ ᠤ ᠲᠥᠷᠥᠭᠰᠡᠨ ᠠᠴᠠ | ᠠᠪᠤᠭᠠᠳ ᠨᠠᠰᠤᠨ ᠪᠠᠷᠠᠭᠰᠠᠨ ᠤ ᠬᠤᠶᠢᠨᠠᠬᠢ ᠶᠠᠪᠤᠳᠠᠯ ᠬᠦᠷᠲᠡᠯᠡᠬᠢ ᠴᠢᠬᠤᠯᠠ ᠱᠠᠲᠤ ᠦᠶ᠎ᠡ ᠶᠢᠨ ᠲᠣᠭᠤᠷᠢᠨ ᠳᠤ᠂ ᠬᠤᠯᠪᠣᠭᠳᠠᠬᠤ ᠬᠡᠪᠴᠢᠶ᠎ᠡ ᠨᠢ ᠥᠷᠭᠡᠨ᠂ | ᠭᠦᠢᠴᠡᠳᠬᠡᠬᠦ ᠬᠡᠮᠵᠢᠶ᠎ᠡ ᠨᠢ ᠶᠡᠭᠡ᠂ ᠭᠦᠢᠴᠡᠳᠬᠡᠬᠦ ᠳᠠᠪᠲᠠᠮᠵᠢ ᠨᠢ ᠥᠨᠳᠥᠷ᠂ ᠭᠦᠢᠴᠡᠳᠬᠡᠬᠦ ᠴᠠᠭ ᠨᠢ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ᠨᠠᠷᠢᠨ ᠳᠠᠩᠰᠠ ᠪᠠᠶᠢᠭᠤᠯᠵᠤ᠂ ᠠᠷᠤ ᠡᠩᠨᠡᠭᠡᠨ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠤᠯᠪᠣᠭᠳᠠᠭᠰᠠᠨ ᠭᠠᠭᠴᠠ ᠵᠦᠢᠯ ᠤᠨ | ᠤᠴᠢᠷ ᠶᠠᠪᠤᠳᠠᠯ ᠢ ᠨᠢᠭᠡᠳᠬᠡᠨ᠂ ᠡᠮᠦᠨ᠎ᠡ ᠡᠩᠨᠡᠭᠡᠨ ᠳᠤ ᠤᠴᠢᠷ ᠶᠠᠪᠤᠳᠠᠯ ᠢ ᠭᠦᠢᠴᠡᠳᠬᠡᠬᠦ ᠳᠤ ︽ᠤᠯᠠᠨ ᠭᠠᠵᠠᠷ ᠤᠯᠠᠨ ᠴᠣᠩᠬᠤᠪᠴᠢ ᠤᠯᠠᠨ ᠤᠳᠠᠭ᠎ᠠ | ᠭᠦᠢᠴᠡᠳᠬᠡᠬᠦ︾ ᠪᠠᠶᠢᠭᠰᠠᠨ ᠢ ︽ᠨᠢᠭᠡ ᠯᠡ ᠭᠠᠵᠠᠷ ᠨᠢᠭᠡ ᠯᠡ ᠴᠣᠩᠬᠤᠪᠴᠢ ᠨᠢᠭᠡ ᠯᠡ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ ᠪᠠ ᠤᠯᠠᠨ ᠲᠦᠮᠡᠨ ᠤ ᠤᠴᠢᠷ ᠶᠠᠪᠤᠳᠠᠯ ᠢ ᠭᠦᠢᠴᠡᠳᠬᠡᠬᠦ ᠳᠤ ᠳᠤᠲᠠᠭᠤ ᠭᠦᠶᠦᠯᠭᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠣᠯ᠂ | ᠠᠵᠤ ᠠᠬᠤᠶᠢᠯᠠᠯ ᠨᠡᠭᠡᠭᠡᠨ ᠡᠷᠬᠢᠯᠡᠬᠦ᠂ ᠠᠵᠤ ᠠᠬᠤᠶᠢᠯᠠᠯ ᠡᠵᠡᠩᠨᠡᠬᠦ ᠶᠢ ᠵᠥᠪᠰᠢᠶᠡᠷᠡᠬᠦ᠂ ᠠᠵᠢᠯᠲᠠᠨ ᠡᠯᠰᠡᠨ ᠬᠡᠷᠡᠭᠯᠡᠬᠦ᠂ ᠠᠵᠤ ᠠᠬᠤᠶᠢᠯᠠᠯ ᠳᠤ ᠬᠤᠯᠪᠣᠭᠳᠠᠬᠤ ᠦᠯᠦ | ᠬᠥᠳᠡᠯᠬᠦ ᠬᠥᠷᠥᠩᠭᠡ ᠶᠢ ᠳᠠᠩᠰᠠᠯᠠᠬᠤ᠂ ᠠᠵᠤ ᠠᠬᠤᠶᠢᠯᠠᠯ ᠢ ᠳᠦᠭᠦᠮᠬᠡᠨ ᠢᠶᠠᠷ ᠬᠦᠴᠦᠨ ᠦᠭᠡᠢ ᠪᠣᠯᠭᠠᠬᠤ 5 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠂ ᠡᠨᠡ ᠨᠢ ᠪᠠᠰᠠ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ | ᠬᠥᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠭᠠᠬᠤ ᠳᠤ ᠠᠰᠢᠭᠲᠠᠢ ᠶᠤᠮ᠃ ᠬᠤᠪᠢ ᠬᠥᠮᠥᠨ ᠳᠤ ᠪᠣᠯ᠂ | ᠰᠠᠶ᠋ᠢ ᠲᠥᠷᠥᠭᠰᠡᠨ ᠬᠡᠦᠬᠡᠳ ᠲᠤ ᠬᠤᠯᠪᠣᠭᠳᠠᠭᠰᠠᠨ ᠶᠠᠪᠤᠳᠠᠯ᠂ ᠠᠮᠢᠳᠤᠯᠢᠭ ᠢᠶᠠᠷ ᠠᠵᠢᠯ ᠣᠯᠭᠤᠬᠤ᠂ ᠠᠷᠠᠳ ᠢᠷᠭᠡᠳ ᠤᠨ ᠤᠷᠤᠭ ᠬᠥᠩᠭᠡᠵᠢᠯ᠂ ᠵᠡᠮᠳᠡᠭᠴᠦᠳ ᠢ | ᠲᠡᠳᠬᠦᠨ ᠬᠦᠴᠢᠷᠳᠡᠯᠲᠡᠢ ᠶᠢ ᠲᠤᠰᠠᠯᠠᠬᠤ᠂ ᠴᠡᠷᠢᠭ ᠠᠴᠠ ᠬᠠᠯᠠᠭᠳᠠᠬᠤ᠂ ᠭᠠᠷ ᠳᠠᠮᠵᠢᠭᠰᠠᠨ ᠭᠡᠷ ᠪᠠᠶᠢᠰᠢᠩ ᠢ ᠰᠢᠯᠵᠢᠭᠦᠯᠦᠨ ᠳᠠᠩᠰᠠᠯᠠᠬᠤ ᠵᠢᠴᠢ ᠤᠰᠤ ᠴᠠᠬᠢᠯᠭᠠᠨ | ᠬᠡᠢ ᠶᠢ ᠬᠤᠯᠪᠣᠯᠳᠤᠭᠤᠯᠤᠨ ᠡᠷᠦᠬᠡ ᠰᠢᠯᠵᠢᠭᠦᠯᠬᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ᠂ ᠠᠷᠠᠳ ᠢᠷᠭᠡᠳ ᠤᠨ ᠨᠠᠰᠤ | ᠪᠠᠷᠠᠭᠰᠠᠨ ᠤ ᠬᠤᠶᠢᠨᠠᠬᠢ ᠶᠠᠪᠤᠳᠠᠯ ᠵᠡᠷᠭᠡ 8 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ | ᠣᠯᠠᠨ ᠲᠦᠮᠡᠨ ᠤ ᠬᠦᠰᠡᠯ ᠡᠷᠡᠮᠡᠯᠵᠡᠯ ᠢ ᠨᠠᠩ ᠰᠠᠶᠢᠨ ᠬᠠᠩᠭᠠᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠢ᠃ ᠵᠢᠯ ᠤᠨ ᠡᠴᠦᠰ ᠠᠴᠠ ᠡᠮᠦᠨ᠎ᠡ ᠡᠯ᠎ᠡ | ᠭᠠᠵᠠᠷ ᠡᠳᠡᠭᠡᠷ ᠪᠦᠬᠦᠨ ᠢ ᠪᠡᠶᠡᠯᠡᠭᠦᠯᠬᠦ ᠬᠡᠷᠡᠭᠲᠡᠢ᠂ ᠪᠣᠳᠠᠲᠠᠶᠢᠵᠢᠭᠤᠯᠤᠭᠰᠠᠨ ᠦᠭᠡᠢ ᠶᠢ ᠨᠢ ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠢ ᠭᠡᠵᠦ ᠲᠣᠭᠲᠠᠭᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠮᠢᠨ ᠰᠤᠳᠠᠰᠤ | ᠮᠥᠨ᠂ ᠦᠷᠭᠦᠯᠵᠢᠯᠡᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠨᠢᠭᠡ ᠳᠤ | ᠂ ᠭᠠᠷᠠᠮ᠂ ᠪᠠᠷᠠᠭᠠᠨ ᠤ ᠦᠷᠳᠡᠭᠡ ᠵᠡᠷᠭᠡ ᠶᠢᠨ ᠬᠡᠪ ᠤᠨ ᠠᠵᠢᠯᠯᠠᠭᠠᠨ ᠪᠠ ᠭᠤᠣᠯ ᠵᠠᠮ᠂ ᠰᠠᠯᠪᠤᠷᠢ ᠵᠠᠮ ᠤᠨ ᠰᠠᠭᠠᠳ ᠦᠭᠡᠢ ᠨᠡᠪᠲᠡᠷᠡᠬᠦ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠱᠠᠲᠤ ᠱᠠᠲᠤ ᠪᠠᠷ ᠡᠭᠦᠷᠭᠡ ᠨᠡᠮᠡᠬᠦ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ | ᠳᠥᠷᠪᠡᠳᠦᠭᠡᠷ ᠤᠯᠠᠷᠢᠯ ᠳᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠶᠢᠨ ᠨᠡᠪᠲᠡᠷᠡᠬᠦ ᠰᠦᠢᠳᠬᠡᠯ ᠢ 10% ᠪᠠᠷ ᠬᠠᠰᠤᠵᠤ | ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠶᠢᠨ ᠭᠤᠣᠯ ᠴᠣᠭᠴᠠ ᠳᠤ ᠬᠠᠨᠳᠤᠯᠭᠠᠲᠤ ᠴᠢᠨᠠᠷᠲᠠᠢ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠵᠣᠬᠢᠰᠲᠠᠢ ᠪᠠᠷ ᠪᠠᠭᠤᠷᠠᠭᠤᠯᠬᠤ ᠬᠡᠷᠡᠭᠲᠡᠢ᠃ | ᠭᠤᠷᠪᠠ ᠳᠤ᠂ ᠳᠥᠷᠪᠡᠳᠦᠭᠡᠷ ᠤᠯᠠᠷᠢᠯ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠭᠰᠠᠨ ᠪᠠᠷᠠᠭᠠᠨ ᠤ ᠭᠠᠷᠠᠮ ᠤᠨ ᠶᠠᠪᠤᠳᠠᠯ ᠤᠨ ᠵᠠᠷᠤᠳᠠᠯ ᠤᠨ ᠪᠠᠷᠢᠮᠵᠢᠶ᠎ᠠ ᠶᠢ | 20% ᠪᠠᠷ ᠪᠠᠭᠤᠷᠠᠭᠤᠯᠬᠤ ᠬᠡᠷᠡᠭᠲᠡᠢ᠃ ᠳᠥᠷᠪᠡ ᠳᠤ᠂ 1000 ᠳ᠋ᠦᠩᠰᠢᠭᠤᠷ ᠲᠥᠭᠦᠷᠢᠭ ᠤᠨ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠲᠤᠰᠬᠠᠢ | ᠵᠦᠢᠯ ᠤᠨ ᠳᠠᠬᠢᠨ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠪᠣᠯᠣᠨ ᠵᠢᠯᠣᠭᠤᠴᠢ ᠨᠠᠷ ᠤᠨ ᠬᠦᠴᠢᠷᠳᠡᠯ ᠢ | ᠰᠢᠢᠳᠪᠦᠷᠢᠯᠡᠬᠦ ᠳᠤ ᠳᠡᠮᠵᠢᠬᠦ ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠨ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ | ᠰᠢᠰᠲ᠋ᠧᠮ ᠤᠨ ᠥᠪᠡᠷ ᠤᠨ ᠠᠯᠳᠠᠭ᠎ᠠ ᠪᠠᠨ ᠥᠪᠡᠷᠲᠡᠭᠡᠨ ᠵᠠᠯᠠᠷᠠᠭᠤᠯᠬᠤ ᠬᠢᠨᠠᠯᠲᠠ ᠲᠠᠯᠪᠢᠬᠤ ᠳᠦᠷᠢᠮ ᠪᠣᠯᠣᠨ᠎ᠠ᠂ ᠲᠡᠷᠡ ᠨᠢ ᠬᠠᠤᠯᠢ ᠠᠴᠠ ᠵᠥᠷᠢᠴᠡᠭᠰᠡᠨ ᠪᠤᠶᠤ | ᠵᠣᠬᠢᠰ ᠦᠭᠡᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠠᠷᠠᠭᠤᠯᠬᠤ ᠳᠤ ᠠᠰᠢᠭᠲᠠᠢ ᠶᠤᠮ᠂ ︽ᠠᠷᠠᠳ ᠨᠣᠶᠠᠨ ᠢᠶᠠᠨ ᠵᠠᠭᠠᠯᠳᠤᠬᠤ︾ ᠵᠠᠰᠠᠭ | ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠡᠳᠬᠦᠮᠵᠢ ᠶᠢᠨ ᠳᠦᠷᠢᠮ ᠮᠦᠨ᠂ ᠡᠨᠡ ᠨᠢ ᠠᠷᠠᠳ ᠢᠷᠭᠡᠨ᠂ ᠬᠠᠤᠯᠢ ᠶᠢᠨ ᠡᠷᠬᠡᠲᠡᠨ ᠵᠡᠷᠭᠡ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ ᠶᠤᠮ᠃ ᠬᠤᠷᠠᠯ ᠠᠴᠠ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠳᠠᠬᠢᠨ ᠵᠦᠪᠯᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠠᠲᠤᠯᠠᠪᠠ᠃ ᠲᠥᠰᠥᠯ ᠳᠤ ᠠᠷᠠᠳ ᠤᠨ ᠲᠥᠯᠥᠭᠡ ᠳᠠᠬᠢᠨ ᠵᠥᠪᠯᠡᠬᠦ ᠶᠢ ᠪᠠᠷᠢᠮᠲᠠᠯᠠᠵᠤ᠂ | ᠬᠡᠷᠡᠭ ᠭᠥᠯᠢᠶᠡᠨ ᠠᠪᠬᠤ ᠬᠡᠪᠴᠢᠶ᠎ᠡ ᠶᠢ ᠥᠷᠭᠡᠳᠬᠡᠬᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠴᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠨᠠᠩ ᠲᠣᠳᠣᠷᠬᠠᠢ ᠲᠣᠭᠲᠠᠭᠠᠯ ᠭᠠᠷᠭᠠᠵᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠳᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠭᠤᠣᠯ | ᠠᠷᠭ᠎ᠠ ᠵᠠᠮ ᠪᠣᠯᠭᠠᠪᠠ᠃ ᠬᠤᠷᠠᠯ ᠠᠴᠠ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠡᠨ ᠵᠥᠪᠯᠡᠭᠦᠯᠬᠦ ᠪᠠᠷ ᠲᠣᠭᠲᠠᠪᠠ᠃ | |