︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠪᠠᠷ ᠬᠠᠮᠠᠭᠠᠯᠠᠬᠤ︾ ᠰᠤᠷᠭᠠᠭᠤᠯᠢ ᠶᠢᠨ ᠬᠦᠷᠢᠶᠡᠨ  ᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2022/9/27
      ᠰᠢᠨ᠎ᠡ ᠪᠠᠶᠢᠳᠠᠯ ᠳᠤᠤᠷᠠᠬᠢ ᠰᠦᠷᠳᠡᠭᠦᠯᠦᠯ ᠢ ᠡᠰᠡᠷᠭᠦᠴᠡᠬᠦ ᠠᠵᠢᠯ ᠢ ᠦᠨᠡᠨ ᠬᠦ  ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠰᠡᠷᠭᠡᠶᠢᠯᠡᠯᠲᠡ ᠪᠠ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠰᠣᠷᠣᠭᠴᠢᠳ ᠤᠨ ᠰᠦᠷᠳᠡᠭᠦᠯᠦᠯ ᠢ ᠲᠠᠨᠢᠬᠤ᠂ ᠰᠦᠷᠳᠡᠭᠦᠯᠦᠯ ᠢ ᠰᠡᠷᠭᠡᠶᠢᠯᠡᠬᠦ᠂ ᠰᠦᠷᠳᠡᠭᠦᠯᠦᠯ ᠢ ᠡᠰᠡᠷᠭᠦᠴᠡᠬᠦ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠠᠩᠬᠢ ᠶᠢᠨ ᠬᠢᠨ ᠲᠣᠰ ᠬᠤᠰᠢᠭᠤᠨ ᠤ ᠵᠢᠷᠭᠤᠳᠤᠭᠠᠷ ᠳᠤᠮᠳᠠᠳᠤ ᠰᠤᠷᠭᠠᠭᠤᠯᠢ ᠳᠤ ︽ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠠᠮᠤᠷ ᠲᠦᠪᠰᠢᠨ ᠤ ᠨᠢᠭᠡᠳᠦᠭᠡᠷ ᠬᠢᠴᠢᠶᠡᠯ ᠢ ᠰᠠᠶᠢᠲᠤᠷ ᠣᠷᠣᠬᠤ︾ ᠪᠠᠷ ᠭᠤᠤᠯ ᠰᠡᠳᠦᠪ ᠪᠣᠯᠭᠠᠭᠰᠠᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

反恐宣传1.png

      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠭᠤᠤᠯᠳᠠᠭᠤ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠣᠬᠠᠭᠤᠯᠭ᠎ᠠ

 ᠶᠢᠨ ᠰᠠᠮᠪᠠᠷ᠎ᠠ ᠶᠢ ᠳᠡᠯᠭᠡᠨ ᠦᠵᠡᠬᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠲᠤ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ᠤᠬᠠᠭᠤᠯᠵᠤ᠂

ᠰᠦᠷᠳᠡᠭᠦᠯᠦᠯ ᠤᠨ ᠲᠠᠭᠠᠷᠢᠯᠲᠠ ᠶᠢᠨ ᠪᠠᠶᠢᠩᠭᠤ ᠲᠣᠬᠢᠶᠠᠯᠳᠤᠳᠠᠭ ᠠᠷᠭ᠎ᠠ ᠪᠠᠷᠢᠯ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠰᠦᠷᠳᠡᠭᠦᠯᠦᠯ ᠤᠨ ᠠᠵᠢᠯᠯᠠᠭ᠎ᠠ ᠶᠢ

ᠢᠯᠡᠷᠡᠭᠦᠯᠬᠦ᠂ ᠢᠯᠭᠠᠨ ᠲᠠᠨᠢᠬᠤ ᠪᠠ ᠠᠷᠭᠠᠴᠠᠬᠤ ᠠᠷᠭ᠎ᠠ ᠶᠢ ᠡᠵᠡᠮᠰᠢᠬᠦᠯᠦᠨ᠂ ᠬᠦᠴᠦᠷᠬᠡᠭᠯᠡᠯ ᠰᠦᠷᠳᠡᠭᠦᠯᠦᠯ ᠤᠨ ᠰᠡᠵᠢᠭᠯᠡᠯᠲᠡᠶ ᠡᠲᠡᠭᠡᠳ ᠢ ᠬᠡᠷᠬᠢᠨ ᠢᠯᠭᠠᠨ

ᠲᠠᠨᠢᠬᠤ᠂ ᠥᠪᠡᠷ ᠢ ᠪᠠᠨ ᠬᠡᠷᠬᠢᠨ ᠠᠪᠤᠷᠬᠠᠤ᠂ ᠬᠠᠷᠢᠯᠴᠠᠨ ᠠᠪᠤᠷᠬᠠᠤ ᠵᠡᠷᠭᠡ ᠶᠡᠷᠦ ᠶᠢᠨ ᠮᠡᠳᠡᠯᠭᠡ ᠶᠢ ᠵᠢᠭᠠᠵᠤ᠂ ᠬᠡᠷᠪᠡ ᠰᠦᠷᠳᠡᠭᠦᠯᠦᠯ ᠤᠨ ᠲᠠᠭᠠᠷᠢᠯᠲᠠ ᠳᠤ

ᠤᠴᠠᠷᠠᠪᠠᠯ ᠥᠭᠦᠵᠦ ᠰᠢᠷᠬᠠᠲᠤᠬᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠲᠡᠭᠦᠨ ᠠᠴᠠ  ᠵᠠᠶᠢᠯᠠᠰᠬᠢᠬᠤ ᠶᠢ ᠨᠠᠷᠢᠨ ᠲᠣᠲᠣᠷᠬᠠᠢ 

ᠲᠠᠶᠢᠯᠪᠤᠷᠢᠯᠠᠪᠠ᠃

反恐宣传2.png

      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠭᠰᠢ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠦᠨᠡᠨ ᠬᠦ

ᠴᠢᠩᠭᠠᠷᠠᠭᠤᠯᠵᠤ᠂ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠯᠠᠪᠳᠠᠭᠤᠨ ᠢᠶᠠᠷ ᠴᠢᠩᠭᠠᠷᠠᠭᠤᠯᠬᠤ ᠶᠢᠨ ᠬᠠᠮᠲᠤ

ᠰᠦᠷᠳᠡᠭᠦᠯᠦᠯ ᠢ ᠡᠰᠡᠷᠭᠦᠴᠡᠬᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠦᠴᠦᠨ ᠤ ᠠᠷᠭᠠᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂  ᠠᠮᠣᠷ ᠲᠦᠪᠰᠢᠨ 

ᠨᠡᠶᠢᠭᠡᠮ ᠤᠨ ᠣᠷᠴᠢᠨ ᠢ ᠪᠣᠢ ᠪᠣᠯᠭᠠᠨ ᠨᠠᠮ ᠤᠨ ᠬᠤᠷᠢᠳᠣᠭᠠᠷ ᠶᠡᠭᠡ ᠬᠤᠷᠠᠯ ᠢ ᠠᠮᠵᠢᠯᠲᠠ ᠲᠠᠢ ᠬᠤᠷᠠᠯᠳᠣᠬᠤ ᠶᠢ ᠪᠡᠯᠭᠡᠯᠡᠭᠰᠡᠨ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ