ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/27
      9 ᠳ᠋ᠦ᠋ᠭᠡᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠪᠡ ︵ᠴᠥᠮ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ᠂ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠵᠡᠢ︶᠃ ᠲᠤᠬᠠᠢ ᠶᠢᠨ ᠭᠠᠵᠠᠷ ᠤᠨ ᠲᠣᠳᠣᠯᠠᠭᠰᠠᠨ 2 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 1 ︵ᠰᠢᠯᠢ ᠶᠢᠨ ᠬᠤᠲᠠ ᠳᠤ︶ ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 7 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢ ᠶᠢᠨ ᠬᠤᠲᠠ ᠳᠤ︶᠂ ᠪᠠᠶᠠᠨᠨᠠᠭᠤᠷ ᠬᠤᠲᠠ ᠳᠤ 2 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃      9 ᠳ᠋ᠦ᠋ᠭᠡᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 230 ᠪᠠᠶᠢᠵᠤ᠂ ᠡᠭᠦᠨ ᠳᠤ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 259 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 16 ︵ᠡᠵᠡᠨ᠎ᠡ ᠬᠤᠰᠢᠭᠤᠨ ᠳᠤ 4᠂ ᠴᠡᠭᠡ ᠪᠣᠭᠤᠮᠲᠠ ᠳᠤ 12︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠠᠵᠦ ᠪᠠᠶᠢᠨ᠎ᠠ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ