ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠣᠷᠤᠨ ᠲᠣᠭᠠᠨ ᠤ ᠬᠤᠷᠢᠶᠠᠨ ᠠᠴᠠ ᠮᠤᠨᠠ ᠠᠭᠤᠯᠠ ᠪᠠᠯᠭᠠᠰᠤᠨ ᠤ ᠪᠠᠷᠠᠭᠤᠨ ᠲᠣᠭᠤᠷᠢᠭ ᠪᠠ | ᠬᠤᠶᠢᠲᠤ ᠲᠣᠭᠤᠷᠢᠭ ᠲᠤ ᠬᠤᠶᠠᠷ ᠪᠦᠷᠢᠨ ᠪᠠᠭ᠎ᠠ ᠰᠤᠷᠭᠠᠭᠤᠯᠢ— ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠪᠠ ᠶᠢᠰᠦᠳᠦᠭᠡᠷ ᠪᠠᠭ᠎ᠠ ᠰᠤᠷᠭᠠᠭᠤᠯᠢ ᠶᠢ | ᠪᠠᠶᠢᠭᠤᠯᠬᠤ ᠪᠠᠷ ᠰᠤᠳᠤᠯᠤᠨ ᠲᠣᠭᠲᠠᠭᠠᠪᠠ᠃ | ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠪᠡᠯ᠂ ᠮᠤᠨᠠ ᠠᠭᠤᠯᠠ | ᠪᠠᠯᠭᠠᠰᠤᠨ ᠤ ᠪᠠᠷᠠᠭᠤᠨ ᠲᠣᠭᠤᠷᠢᠭ ᠪᠣᠯᠤᠨ ᠬᠤᠶᠢᠲᠤ ᠲᠣᠭᠤᠷᠢᠭ ᠤᠨ ᠬᠥᠮᠦᠨ ᠠᠮᠠ ᠶᠢᠨ ᠲᠠᠷᠬᠠᠯᠲᠠ ᠶᠠᠪᠤᠬᠤ ᠲᠤᠲᠤᠮ ᠣᠯᠠᠰᠢᠷᠠᠵᠤ᠂ ᠬᠥᠮᠦᠨ ᠠᠮᠠ ᠶᠢᠨ | ᠨᠢᠭᠲᠠᠴᠠ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠳᠠᠭᠠᠯᠳᠤᠨ᠂ ᠪᠥᠬᠦ ᠬᠤᠰᠢᠭᠤᠨ ᠤ | ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠤᠭ᠎ᠠ ᠨᠡᠯᠢᠶᠡᠳ ᠶᠡᠭᠡ ᠪᠠᠷ ᠨᠡᠮᠡᠭᠳᠡᠵᠦ᠂ ᠬᠠᠷᠢᠨ ᠪᠠᠷᠠᠭᠤᠨ ᠲᠣᠭᠤᠷᠢᠭ ᠪᠠ ᠬᠤᠶᠢᠲᠤ ᠲᠣᠭᠤᠷᠢᠭ ᠲᠤ ᠶᠡᠷᠦ ᠨᠢ ᠪᠠᠭ᠎ᠠ | ᠰᠤᠷᠭᠠᠭᠤᠯᠢ ᠥᠬᠡᠶ᠂ ᠠᠳᠡ ᠰᠠᠭᠤᠵᠤ ᠪᠠᠶᠢᠭ᠎ᠠ ᠬᠡᠦᠬᠡᠳ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠳᠤ ᠨᠡᠯᠢᠶᠡᠳ ᠬᠦᠴᠢᠷᠲᠡᠶ ᠪᠠᠶᠢᠪᠠ᠃ ᠡᠨᠡ ᠵᠢᠯ | ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠤᠯᠠᠨ ᠤᠳᠠᠭ᠎ᠠ | ᠵᠦᠪᠳᠡᠯᠴᠡᠨ ᠭᠦᠢᠴᠡᠳ ᠨᠤᠲᠠᠯᠠᠵᠤ᠂ ᠬᠤᠰᠢᠭᠤᠨ ᠤ ᠣᠷᠣᠨ ᠲᠤᠭ᠎ᠠ ᠶᠢᠨ ᠬᠤᠷᠢᠶᠠᠨ ᠠᠴᠠ ᠡᠨᠡ ᠬᠤᠶᠠᠷ ᠣᠷᠣᠨ ᠳᠤ ᠬᠤᠶᠠᠷ ᠪᠦᠷᠢᠨ ᠪᠠᠭ᠎ᠠ ᠰᠤᠷᠭᠠᠭᠤᠯᠢ — | ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠪᠠ ᠶᠢᠰᠦᠳᠦᠭᠡᠷ ᠪᠠᠭ᠎ᠠ ᠰᠤᠷᠭᠠᠭᠤᠯᠢ ᠶᠢ ᠪᠠᠶᠢᠭᠤᠯᠬᠤ ᠪᠠᠷ ᠰᠤᠳᠤᠯᠤᠨ ᠲᠣᠭᠲᠠᠭᠠᠵᠠᠢ᠃ ᠪᠠᠭ᠎ᠠ ᠰᠤᠷᠭᠠᠭᠤᠯᠢ ᠶᠢᠨ | ᠣᠷᠣᠨ ᠲᠤᠭ᠎ᠠ ᠶᠢ ᠬᠡᠮᠵᠢᠨ ᠪᠤᠳᠤᠬᠤ ᠪᠠᠷᠢᠮᠵᠢᠶ᠎ᠠ ᠶᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠠᠴᠠ ᠰᠢᠨ᠎ᠡ ᠪᠠᠷ | ᠪᠠᠶᠢᠭᠤᠯᠤᠭᠰᠠᠨ ᠬᠤᠶᠠᠷ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢ 136 ᠨᠡᠷ᠎ᠡ ᠬᠢᠨᠠᠨ ᠲᠣᠭᠲᠠᠭᠠᠵᠤ᠂ ᠬᠡᠷᠡᠭᠰᠡᠬᠦ ᠣᠷᠣᠨ ᠲᠤᠭ᠎ᠠ ᠶᠢ ᠪᠥᠬᠦ ᠬᠤᠰᠢᠭᠤᠨ ᠤ | ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢᠨ ᠶᠡᠷᠦᠩᠬᠡᠶ ᠬᠡᠮᠵᠢᠶ᠎ᠡ ᠠᠴᠠ ᠲᠣᠬᠢᠷᠠᠭᠤᠯᠤᠨ ᠳᠤᠲᠠᠭᠳᠠᠵᠤ ᠪᠠᠶᠢᠭ᠎ᠠ 50 ᠣᠷᠣᠨ ᠲᠤᠭ᠎ᠠ ᠶᠢᠨ | ᠲᠥᠯᠥᠪᠯᠡᠭᠡ ᠶᠢ 2022 ᠣᠨ ᠤ ᠡᠴᠦᠰ ᠲᠤ ᠪᠤᠰᠤᠳ ᠰᠤᠷᠭᠠᠭᠤᠯᠢ ᠶᠢᠨ ᠠᠶᠠᠨᠳᠠᠭᠠᠨ ᠬᠠᠰᠤᠭᠳᠠᠭᠰᠠᠨ ᠣᠷᠣᠨ ᠲᠤᠭ᠎ᠠ ᠠᠴᠠ ᠲᠣᠬᠢᠷᠠᠭᠤᠯᠤᠨ ᠨᠥᠬᠦᠪᠥᠷᠢᠯᠡᠨ᠎ᠡ᠃ | ᠬᠤᠶᠠᠷ ᠪᠦᠷᠢᠨ ᠪᠠᠭ᠎ᠠ ᠰᠤᠷᠭᠠᠭᠤᠯᠢ ᠪᠠᠶᠢᠭᠤᠯᠬᠤ ᠪᠠᠷ ᠳᠠᠮᠵᠢᠭᠤᠯᠤᠨ᠂ ᠮᠤᠨᠠ ᠠᠭᠤᠯᠠ ᠪᠠᠯᠭᠠᠰᠤᠨ ᠤ ᠪᠠᠷᠠᠭᠤᠨ ᠬᠤᠶᠢᠲᠤ ᠶᠢᠨ ᠬᠡᠰᠡᠭ ᠲᠣᠭᠤᠷᠢᠭ ᠤᠨ | ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠬᠦᠴᠢᠷᠳᠡᠯ ᠢ ᠪᠦᠲᠦᠮᠵᠢᠲᠡᠶ | ᠰᠢᠢᠳᠪᠦᠷᠢᠯᠡᠪᠡ᠃ | ᠣᠳᠣᠬᠠᠨ ᠳᠤ᠂ ᠮᠤᠨᠠ ᠠᠭᠤᠯᠠ ᠪᠠᠯᠭᠠᠰᠤᠨ ᠤ 10 ᠪᠠᠭ᠎ᠠ ᠰᠤᠷᠭᠠᠭᠤᠯᠢ ᠨᠢ ᠪᠥᠬᠦ ᠬᠤᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ | ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠦᠨᠳᠦᠰᠦᠨ ᠳᠡᠭᠡᠨ ᠪᠡᠶᠡᠯᠡᠭᠦᠯᠪᠡ᠃ |