ᠤᠷᠠᠳ ᠤᠨ ᠡᠮᠦᠨᠡᠲᠦ ᠬᠤᠰᠢᠭᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/27
       ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠷᠠᠯ ᠠᠴᠠ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠬᠠᠮᠲᠤᠷᠠᠭᠰᠠᠨ ᠬᠤᠷᠠᠯ ᠤᠨ ᠪᠦᠷᠢᠯᠳᠦᠬᠦᠨ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠪᠦᠷᠢᠯᠳᠦᠬᠦᠨ ᠢ ᠳᠠᠬᠢᠨᠲᠠ ᠲᠣᠭᠲᠠᠭᠠᠵᠤ᠂ ︽ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠬᠡᠷᠡᠭ ᠵᠥᠪᠯᠡᠬᠦ ᠲᠦᠷᠢᠮ︾ ᠪᠣᠯᠤᠨ ︽ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠠᠵᠢᠯ ᠤᠨ ᠲᠦᠷᠢᠮ︾ ᠢ ᠬᠢᠨᠠᠨ ᠵᠥᠪᠯᠡᠵᠦ ᠪᠠᠲᠤᠯᠠᠨ᠂ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠪᠦᠷᠢᠯᠳᠦᠬᠦᠨ ᠨᠢᠭᠡᠴᠢ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠬᠠᠮᠲᠤ ᠪᠠᠷ ᠴᠢᠷᠮᠠᠶᠢᠵᠤ ᠪᠠᠶᠢᠭᠠᠳ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠦᠰ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾ ᠤᠨ ᠭᠤᠣᠯ ᠠᠭᠤᠯᠭ᠎ᠠ ᠶᠢ ᠴᠢᠬᠤᠯᠠᠴᠢᠯᠠᠭᠰᠠᠨ ᠪᠥᠭᠡᠳ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠳᠤ ᠤᠢᠢᠷ᠎ᠠ ᠶᠢᠨ ᠵᠢᠯ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠪᠠᠶᠢᠳᠠᠯ ᠪᠣᠯᠤᠨ 2022 ᠣᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ