ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 34  ᠳ᠋ᠣᠭᠡᠷ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/27
      9 ᠰᠠᠷ᠎ᠠ ᠶᠢᠨ 23 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 34 ᠳ᠋ᠣᠭᠡᠷ ᠬᠤᠷᠠᠯ ᠢ ᠡᠷᠭᠢᠯᠡᠨ ᠬᠤᠷᠠᠯᠳᠣᠪᠠ᠃

十四届常委34次会议.jpg

      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠵᠢᠴᠢ

ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤ ᠤᠯᠤᠰ

ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠱᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ

ᠵᠢᠶᠠᠨ ᠶᠦᠩ ᠴᠢᠩ ᠬᠤᠷᠠᠯ ᠳᠤ ᠰᠤᠯᠠ ᠣᠷᠣᠯᠴᠠᠪᠠ᠃

      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ ᠲᠥᠪ ᠤᠨ

ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ

ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

34次常委会.jpg

     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ

ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠰᠤᠷᠤᠯᠴᠠᠨ

ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ

ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠩ ᠰᠠᠶᠢᠲᠤᠷ ᠲᠠᠷᠢᠬᠢ ᠲᠣᠯᠣᠭᠠᠶ ᠪᠠᠨ ᠵᠡᠪᠰᠡᠭᠯᠡᠨ ᠦᠢᠯᠡᠳᠦᠯᠭᠡ ᠪᠠᠨ

ᠵᠢᠯᠣᠭᠤᠳᠣᠭᠤᠯᠵᠤ ᠠᠵᠢᠯ ᠢᠶᠠᠨ ᠠᠬᠢᠭᠤᠯᠬᠤ ᠬᠡᠷᠡᠭᠲᠡᠶ᠃ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠢᠮ᠎ᠡ ᠶᠣᠰᠣ ᠶᠢ

ᠵᠢᠷᠤᠮᠯᠠᠨ᠂ ᠦᠨᠡᠨ ᠠᠴᠠ ᠵᠥᠪ ᠢ ᠡᠷᠢᠵᠦ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ ᠨᠠᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ᠂

ᠪᠦᠲᠦᠮᠵᠢᠲᠡᠶ ᠰᠠᠶᠢᠲᠤᠷ ᠬᠢᠬᠦ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠪᠣᠯᠤᠨ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ

ᠬᠢᠨᠠᠮᠠᠭᠠᠢ ᠰᠤᠷᠤᠯᠴᠠᠨ ᠲᠣᠭᠤᠰᠢᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ

ᠨᠢᠭᠡᠳᠬᠡᠵᠦ᠂ ᠪᠦᠬᠦ ᠬᠤᠰᠢᠭᠤᠨ ᠤ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ

ᠬᠤᠰᠢᠭᠤᠨ ᠤ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠡᠨ ᠪᠣᠳᠠᠲᠠᠢ ᠠᠵᠢᠯᠯᠠᠬᠤ ᠬᠡᠷᠡᠭᠲᠡᠢ᠃

ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ

ᠪᠠᠶᠢᠩᠭᠤᠵᠢᠭᠤᠯᠤᠨ ᠥᠷᠨᠢᠭᠦᠯᠵᠦ᠂ ᠲᠥᠷᠥᠯ  ᠵᠦᠢᠯ ᠤᠨ ᠬᠥᠭᠵᠢᠯᠲᠡ ᠶᠢᠨ ᠶᠠᠪᠤᠴᠠ ᠳᠠᠬᠢ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ

ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠠᠭᠢᠬᠤ ᠶᠢ ᠪᠠᠲᠤᠯᠠᠬᠤ ᠬᠡᠷᠡᠭᠲᠡᠶ᠃ ᠬᠦᠴᠦᠲᠡᠶ ᠠᠷᠭ᠎ᠠ

ᠬᠡᠮᠵᠢᠶ᠎ᠡ ᠠᠪᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ

ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠬᠡᠰᠡᠨ ᠪᠠᠶᠢᠨ᠎ᠠ᠃

     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ