ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠤᠢᠢᠷ᠎ᠠ ᠳᠤ ᠬᠡᠪᠯᠡᠭᠦᠯᠦᠨ ᠲᠠᠷᠬᠠᠭᠠᠬᠤ ᠪᠠᠷ ᠪᠠᠶᠢᠭ᠎ᠠ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠳᠤ ︽ᠰᠡᠷᠭᠦᠨ ᠮᠠᠨᠳᠤᠯᠲᠠ ᠶᠢᠨ ᠵᠠᠮ ᠢᠶᠠᠷ | ᠡᠷᠡᠰ ᠪᠠᠲᠤ ᠤᠷᠤᠭᠰᠢᠯᠠᠶ᠎ᠠ︾ ᠭᠡᠬᠦ ᠰᠡᠳᠦᠪ ᠲᠠᠢ ᠣᠷᠣᠰᠢᠯ ᠪᠢᠴᠢᠵᠦ ᠥᠭᠪᠡ᠃ | ᠰᠢ ᠶᠢᠨ ᠫᠢᠩ᠂ ᠲᠡᠦᠬᠡ ᠰᠤᠳᠤᠷ ᠢ ᠪᠢᠴᠢᠵᠦ᠂ ᠲᠡᠦᠭᠡᠨ ᠮᠠᠲ᠋ᠧᠷᠢᠶᠠᠯ ᠠᠴᠠ ᠰᠡᠩᠬᠡᠷᠡᠭᠦᠯᠦᠯ ᠤᠯᠵᠦ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ ᠪᠣᠯ | ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠤᠯᠠᠮᠵᠢᠯᠠᠯ ᠪᠣᠯᠤᠨ᠎ᠠ᠃ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠶᠢ | ᠨᠠᠶᠢᠷᠠᠭᠤᠯᠬᠤ ᠪᠣᠯ ᠨᠠᠮ ᠤᠨ ᠲᠥᠪ ᠬᠤᠷᠢᠶᠠᠨ ᠠᠴᠠ ᠵᠥᠪᠰᠢᠶᠡᠷᠡᠨ ᠬᠡᠷᠡᠭᠵᠢᠭᠦᠯᠦᠭᠰᠡᠨ ᠴᠢᠬᠤᠯᠠ ᠶᠡᠭᠡ ᠰᠣᠶᠣᠯ ᠤᠨ ᠢᠨᠵᠧᠨᠧᠷᠢᠩ ᠪᠣᠯᠤᠨ᠎ᠠ᠃ ᠮᠠᠨ ᠤ ᠨᠠᠮ | ᠠᠷᠠᠳ ᠲᠦᠮᠡᠨ ᠢ ᠳᠠᠭᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ | ᠲᠠᠰᠢᠷᠠᠮ ᠳᠤ᠂ ᠡᠨᠡ ᠬᠦ ᠰᠤᠳᠤᠷ ᠪᠢᠴᠢᠭ ᠢ ᠬᠡᠪᠯᠡᠭᠦᠯᠬᠦ ᠨᠢ ᠪᠢᠳᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠬᠦ | ᠂ ᠳᠤᠮᠳᠠᠳᠤ ᠤᠯᠤᠰ ᠤᠨ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ ᠬᠥᠮᠦᠨ ᠲᠥᠷᠥᠯᠬᠢᠲᠡᠨ ᠤ ᠪᠣᠯᠪᠠᠰᠤᠨ ᠤ | ᠲᠠᠪᠰᠢᠯᠳᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠣᠷᠴᠢᠨ ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠪᠠᠶᠢᠭ᠎ᠠ | ᠦᠭᠡᠢ ᠭᠠᠢ ᠵᠣᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ | ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃ ᠲᠤᠭ᠎ᠠ ᠲᠣᠮᠰᠢ ᠦᠭᠡᠢ | ᠴᠢᠩ ᠵᠤᠷᠢᠬᠳᠠᠨ ᠴᠥᠬᠦᠷᠡᠰᠢ ᠦᠭᠡᠢ ᠲᠡᠮᠡᠴᠡᠵᠦ᠂ ᠬᠠᠶᠢᠨ ᠰᠦᠪᠡᠭᠴᠢᠯᠡᠵᠦ᠂ ᠲᠡᠮᠡᠤᠯᠦᠨ ᠤᠷᠤᠭᠰᠢᠯᠠᠵᠤ ᠤᠷᠢᠶᠠᠯᠠᠨ ᠬᠠᠰᠭᠢᠷᠴᠤ᠂ ᠡᠷᠡᠯᠬᠡᠭᠯᠡᠨ ᠪᠣᠰᠴᠤ | ᠡᠰᠡᠷᠭᠦᠴᠡᠨ ᠲᠡᠮᠡᠴᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠰᠢᠷᠭᠠᠭᠤ ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠵᠦ᠂ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ | ᠰᠠᠭᠤᠷᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠡᠷᠢᠨ ᠣᠯᠵᠤ᠂ ᠬᠤᠪᠢᠰᠬᠠᠯ᠂ | ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠣᠰᠴᠤ ᠵᠣᠭᠰᠣᠭᠰᠠᠨ᠂ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ | ᠬᠠᠮᠤᠭ ᠤᠨ ᠰᠦᠷ ᠳᠠᠯᠠᠶᠢᠴᠠᠲᠠᠢ ᠲᠡᠦᠬᠡᠨ ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠤᠷᠢᠳ | ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠣᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠣᠯᠤᠨ ᠵᠥᠪ ᠵᠠᠮ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ ᠤ ᠪᠦᠯᠬᠦᠮᠳᠡᠨ | ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠᠯ ᠳᠤᠮᠳᠠᠳᠤ ᠤᠯᠤᠰ ᠤᠨ ᠠᠷᠠᠳ ᠲᠦᠮᠡᠨ ᠳᠠᠷᠤᠢ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ | ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ ᠴᠢᠳᠠᠨ᠎ᠠ ᠭᠡᠳᠡᠭ ᠢ ᠲᠡᠦᠬᠡ ᠨᠢᠭᠡᠨᠲᠡ ᠭᠡᠷᠡᠴᠢᠯᠡᠭᠰᠡᠨ ᠪᠥᠭᠡᠳ ᠦᠷᠭᠦᠯᠵᠢᠯᠡᠨ ᠭᠡᠷᠡᠴᠢᠯᠡᠬᠦ ᠪᠣᠯᠤᠨ᠎ᠠ︕ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠦᠶ᠎ᠡ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ | ᠲᠡᠷᠢᠭᠦᠨ ᠤ ᠬᠥᠮᠦᠰ ᠪᠣᠯᠤᠨ ᠰᠢᠯᠢᠳᠡᠭ ᠬᠥᠪᠡᠭᠦᠳ ᠥᠬᠢᠳ ᠤᠨ ᠬᠠᠶᠢᠨ ᠰᠦᠪᠡᠭᠴᠢᠯᠡᠯᠳᠡ᠂ ᠲᠡᠮᠡᠴᠡᠯ᠂ ᠦᠷᠡᠭᠳᠡᠯ᠂ ᠡᠭᠦᠳᠦᠯᠲᠡ ᠨᠢ ᠶᠡᠭᠡ ᠬᠡᠮᠵᠢᠶᠡᠨ ᠤ | ᠴᠢᠬᠤᠯᠠ ᠲᠡᠦᠬᠡᠨ ᠦᠨ᠎ᠡ ᠦᠷᠳᠡᠭ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ ᠬᠤᠪᠣᠷ ᠨᠠᠨᠳᠢᠨ ᠲᠤᠯᠭᠤᠷ ᠪᠢᠴᠢᠭ ᠢ ᠦᠯᠡᠳᠡᠭᠡᠵᠡᠢ᠃ ︽ᠰᠡᠷᠭᠦᠨ ᠮᠠᠨᠳᠤᠯᠲᠠ | ᠵᠤᠬᠢᠶᠠᠯ ᠤᠨ ᠬᠥᠮᠥᠷᠭᠡ︾ ᠭᠡᠬᠦ ᠲᠤᠮᠤ ᠬᠡᠯᠪᠡᠷᠢ ᠶᠢᠨ ᠲᠡᠦᠬᠡᠨ ᠲᠤᠯᠭᠤᠷ ᠪᠢᠴᠢᠭ ᠤᠨ ᠴᠤᠪᠤᠷᠠᠯ ᠪᠢᠴᠢᠭ ᠢ ᠨᠠᠶᠢᠷᠠᠭᠤᠯᠤᠨ ᠬᠡᠪᠯᠡᠭᠦᠯᠬᠦ ᠭᠡᠵᠦ ᠪᠠᠶᠢᠭ᠎ᠠ ᠨᠢ ᠳᠠᠷᠤᠢ | ᠤᠢᠢᠷ᠎ᠠ ᠦᠶ᠎ᠡ ᠠᠴᠠ ᠨᠠᠭᠠᠰᠢᠬᠢ ᠴᠢᠬᠤᠯᠠ ᠦᠵᠡᠯ ᠰᠠᠨᠠᠭᠠᠨ ᠤ ᠲᠤᠯᠭᠤᠷ ᠪᠢᠴᠢᠭ ᠤᠨ ᠰᠣᠩᠭᠤᠮᠠᠯ ᠢᠶᠠᠷ ᠲᠠᠮᠵᠢᠨ᠂ ᠤᠷᠢᠳᠤᠬᠢ ᠬᠥᠮᠦᠰ ᠤᠨ ᠨᠡᠭᠡᠭᠡᠯᠳᠡ ᠶᠢ | ᠬᠦᠦᠷᠨᠢᠨ᠂ ᠢᠷᠡᠬᠦ ᠬᠦᠮᠦᠰ ᠤᠨ ᠲᠡᠮᠡᠴᠡᠯ ᠢ ᠰᠡᠩᠭᠡᠷᠡᠭᠦᠯᠬᠦ ᠪᠣᠯᠤᠨ᠎ᠠ᠃ ᠣᠳᠣᠬᠠᠨ ᠳᠤ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠰᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠢᠳᠡᠡ ᠤ | ᠲᠡᠦᠬᠡ ᠪᠠᠷ ᠲᠤᠯᠢ ᠪᠣᠯᠭᠠᠵᠤ᠂ ᠥᠩᠭᠡᠷᠡᠭᠰᠡᠨ ᠢ ᠠᠵᠢᠬᠯᠠᠵᠤ ᠢᠷᠡᠭᠡᠳᠦᠢ ᠶᠢ ᠮᠡᠳᠡᠬᠦ ᠶᠢ ᠨᠡᠩ ᠱᠠᠭᠠᠷᠳᠠᠵᠤ ᠪᠠᠶᠢᠨ᠎ᠠ᠃ ᠨᠠᠮ ᠤᠨ ᠲᠡᠦᠬᠡ ᠶᠢ ᠰᠠᠶᠢᠲᠤᠷ | ᠰᠤᠷᠤᠯᠴᠠᠭᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ ᠶᠢ ᠰᠠᠶᠢᠲᠤᠷ ᠰᠤᠷᠤᠯᠴᠠᠵᠤ᠂ ᠳᠤᠮᠳᠠᠳᠤ ᠤᠯᠤᠰ ᠤᠨ ᠲᠡᠦᠬᠡ ᠶᠢ | ᠰᠠᠶᠢᠲᠤᠷ ᠰᠤᠷᠤᠯᠴᠠᠵᠤ᠂ ᠪᠢᠳᠡ ᠬᠠᠮᠢᠭ᠎ᠠ ᠠᠴᠠ ᠢᠷᠡᠭᠰᠡᠨ᠂ ᠬᠠᠮᠢᠭ᠎ᠠ ᠬᠦᠷᠬᠦ ᠪᠠᠨ ᠲᠣᠳᠣᠷᠬᠠᠢ ᠮᠡᠳᠡᠵᠦ᠂ ᠳᠤᠮᠳᠠᠳᠤ ᠤᠯᠤᠰ ᠤᠨ ᠡᠪ ᠬᠠᠮᠲᠤᠴᠤᠳ ᠶᠠᠭᠤ | ᠬᠢᠳᠡᠭ᠂ ᠨᠢᠭᠡᠨᠲᠡ ᠶᠠᠭᠤ ᠬᠢᠭᠰᠡᠨ᠂ ᠪᠠᠰᠠ ᠶᠠᠭᠤ ᠬᠢᠬᠦ ᠪᠠᠨ ᠲᠣᠳᠣᠷᠬᠠᠢ ᠮᠡᠳᠡᠵᠦ᠂ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ | ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠪᠠᠨ ᠲᠣᠳᠣᠷᠬᠠᠢ ᠣᠶᠢᠯᠠᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ | ᠪᠠᠲᠤᠳᠬᠠᠵᠤ᠂ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ | ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠲᠡᠦᠬᠡ ᠶᠢᠨ ᠤᠬᠢ | ᠱᠦᠯᠳᠤ ᠶᠢ ᠰᠢᠩᠬᠡᠬᠡᠵᠤ᠂ ᠤᠨᠤᠯ ᠤᠨ ᠰᠢᠨ᠎ᠡ ᠶᠢ ᠡᠬᠦᠳᠬᠦ ᠶᠢ ᠠᠬᠢᠭᠤᠯᠵᠤ᠂ ᠳᠤᠮᠳᠠᠳᠤ ᠤᠯᠤᠰ ᠤᠨ ᠡᠷᠳᠡᠮ ᠰᠢᠨᠵᠢᠯᠡᠭᠡᠨ ᠢ ᠨᠡᠩ ᠰᠠᠶᠢᠲᠤᠷ ᠴᠡᠴᠡᠭᠯᠡᠭᠦᠯᠦᠨ | ᠬᠥᠭᠵᠢᠭᠦᠯᠵᠦ᠂ ᠳᠤᠮᠳᠠᠳᠤ ᠤᠯᠤᠰ ᠤᠨ ᠤᠨᠤᠯ ᠢ ᠬᠥᠭᠵᠢᠭᠦᠯᠵᠦ᠂ ᠳᠤᠮᠳᠠᠳᠤ ᠤᠯᠤᠰ ᠤᠨ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠤᠶᠤᠨ ᠰᠠᠨᠠᠭᠠᠨ ᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ | ᠪᠠᠷᠢᠮᠲᠠᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠮᠠᠨ ᠤ | ᠡᠨᠡ ᠦᠶ᠎ᠡ ᠶᠢᠨ ᠬᠥᠮᠦᠰ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠡᠮᠡᠷᠢᠯᠡᠵᠦ᠂ ᠮᠠᠨ ᠤ ᠡᠨᠡ ᠦᠶ᠎ᠡ ᠶᠢᠨ ᠬᠥᠮᠦᠰ ᠤᠨ ᠢᠶᠠᠨ ᠠᠮᠵᠢᠯᠲᠠ ᠪᠦᠲᠦᠮᠵᠢ | ᠪᠣᠯᠤᠨ ᠦᠩᠭᠡ ᠭᠡᠷᠡᠯ ᠢ ᠡᠭᠦᠳᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠷ ᠭᠤᠣᠯ ᠰᠡᠳᠦᠪ | ᠪᠣᠯᠭᠠᠵᠤ᠂ ᠦᠵᠡᠯ ᠰᠠᠨᠠᠭᠠᠨ ᠤ ᠲᠡᠦᠬᠡ ᠪᠠᠷ ᠦᠨᠳᠦᠰᠦᠨ ᠰᠦᠪᠡᠭᠴᠢ ᠪᠣᠯᠭᠠᠵᠤ᠂ 1840 ᠣᠨ ᠤ ᠬᠠᠷ᠎ᠠ ᠲᠠᠮᠠᠬᠢ ᠶᠢᠨ ᠲᠠᠶᠢᠨ ᠠᠴᠠ ᠨᠠᠭᠠᠰᠢᠬᠢ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠬᠤ ᠴᠢᠬᠤᠯᠠ ᠲᠤᠯᠭᠤᠷ ᠪᠢᠴᠢᠭ ᠢ ᠰᠣᠩᠭᠤᠨ ᠤᠷᠤᠭᠤᠯᠵᠤ᠂ ᠳᠤᠮᠳᠠᠳᠤ ᠤᠯᠤᠰ ᠤᠨ ᠡᠪ | ᠬᠠᠮᠲᠤᠴᠤᠳ ᠢᠶᠠᠷ ᠲᠥᠯᠥᠭᠡᠯᠡᠭᠦᠯᠦᠭᠰᠡᠨ ᠳᠤᠮᠳᠠᠳᠤ ᠶᠢᠨ ᠰᠢᠯᠢᠳᠡᠭ ᠬᠥᠪᠡᠭᠦᠳ ᠥᠬᠢᠳ ᠤᠨ ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠬᠥᠭᠵᠢᠯ | ᠮᠠᠨᠳᠤᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠬᠦᠯᠬᠦ ᠶᠢᠨ ᠲᠦᠯᠤᠬᠡ ᠴᠥᠬᠦᠷᠡᠰᠢ ᠦᠭᠡᠢ ᠡᠷᠢᠯᠬᠢᠯᠡᠵᠦ᠂ ᠨᠤᠭᠤᠷᠠᠰᠢ ᠦᠭᠡᠢ ᠲᠡᠮᠡᠴᠡᠭᠰᠡᠨ ᠲᠡᠦᠭᠡᠨ ᠤᠯᠠ | ᠮᠥᠷ ᠢ ᠪᠦᠬᠦ ᠲᠠᠯ᠎ᠠ ᠪᠠᠷ ᠬᠦᠤᠷᠨᠢᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠬᠢᠴᠠ ᠶᠢ ᠨᠥᠯᠥᠭᠡᠯᠡᠭᠰᠡᠨ᠂ ᠴᠠᠭ ᠦᠶ᠎ᠡ ᠶᠢᠨ ᠳᠠᠪᠰᠢᠯᠲᠠ ᠶᠢ ᠬᠥᠲᠥᠯᠥᠨ | ᠳᠠᠭᠠᠭᠤᠯᠤᠬᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠤᠭᠰᠠᠨ ᠦᠵᠡᠯ ᠰᠠᠨᠠᠭᠠᠨ ᠤ ᠦᠷ᠎ᠡ ᠪᠦᠲᠦᠭᠡᠯ ᠢ ᠲᠦᠪᠯᠡᠷᠡᠩᠬᠦᠢ ᠬᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠬᠤ ᠲᠡᠦᠬᠡᠨ ᠯᠣᠭᠢᠭ᠂ ᠦᠵᠡᠯ ᠰᠠᠨᠠᠭᠠᠨ ᠤ ᠡᠬᠢ ᠰᠤᠷᠪᠤᠯᠵᠢ ᠪᠠ | ᠰᠣᠶᠣᠯ ᠤᠨ ᠰᠤᠳᠠᠰᠤ ᠶᠢ ᠬᠦᠨᠵᠡᠬᠡᠢ ᠢᠯᠡᠷᠡᠬᠦᠯᠪᠠ᠃ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠨᠢ ᠨᠡᠶᠢᠲᠡ ᠲᠠᠪᠤᠨ ᠪᠤᠳᠢ ᠪᠠᠶᠢᠵᠦ᠂ ᠡᠭᠦᠨ ᠳᠤ | ᠨᠢᠭᠡᠳᠦᠭᠡᠷ ᠠᠴᠠ ᠭᠤᠷᠪᠠᠳᠤᠭᠠᠷ ᠪᠤᠳᠢ ᠶᠢ ᠣᠶᠢᠷ᠎ᠠ ᠳᠤ ᠬᠡᠪᠯᠠᠭᠦᠯᠦᠨ ᠲᠠᠷᠬᠠᠭᠠᠬᠤ ᠪᠤᠯᠤᠨ᠎ᠠ᠃ | |