ᠰᠢ ᠶᠢᠨ ᠫᠢᠩ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠬᠦ ᠳᠡᠭᠡᠨ ᠴᠢᠬᠤᠯᠠᠴᠢᠯᠠᠭᠰᠠᠨ ᠨᠢ ᠡᠷᠡᠯᠬᠡᠭᠯᠡᠨ ᠴᠢᠷᠮᠠᠶᠢᠵᠤ ᠡᠷᠡᠮᠡᠬᠡᠶᠢᠯᠡᠨ ᠤᠷᠤᠭᠰᠢᠯᠠᠵᠤ ᠪᠦᠯᠬᠦᠮᠳᠡᠨ ᠲᠡᠮᠡᠴᠡᠵᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠬᠡᠷᠡᠭᠲᠡᠢ ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ ᠦᠵᠡᠰᠬᠦᠯᠡᠩ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2022/9/29
       ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠬᠡᠵᠦ ᠪᠠᠶᠢᠭ᠎ᠠ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 27 ᠤ ᠡᠳᠦᠷ ᠪᠡᠭᠡᠵᠢᠩ ᠤᠨ ᠦᠵᠡᠰᠭᠦᠯᠡᠩ ᠤᠨ ᠣᠷᠳᠣᠨ ᠳᠤ ᠬᠦᠷᠴᠦ᠂ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭ᠎ᠠ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠢᠷᠡᠭᠡᠳᠦᠢ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠤᠯᠤᠰ ᠲᠦᠷᠦ ᠂ ᠠᠵᠤ ᠠᠬᠤᠢ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠰᠢᠯᠭᠠᠯᠲᠠ ᠶᠢ ᠳᠠᠭᠠᠭᠠᠨ ᠲᠤᠭᠤᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ᠃ 10 ᠵᠢᠯ ᠤᠨ ᠲᠤᠷᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ᠂ ᠬᠤᠪᠢᠰᠤᠯᠲᠠ ᠶᠢᠨ ᠴᠢᠨᠠᠷᠲᠠᠶ ᠦᠶ᠋ᠯᠡᠳᠦᠯᠭᠡ᠂ ᠰᠢᠪᠲᠤᠯᠤᠯᠲᠠ ᠶᠢᠨ ᠴᠢᠨᠠᠷᠲᠠᠶ ᠠᠬᠢᠴᠠ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ 10 ᠵᠢᠯ ᠤᠨ ᠲᠤᠷᠰᠢᠬᠢ ᠠᠭᠤᠤ ᠶᠡᠭᠡ ᠬᠤᠪᠢᠰᠤᠯᠲᠠ ᠶᠢᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠢ ᠤᠬᠠᠭᠤᠯᠵᠤ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠡᠷᠡᠯᠬᠡᠭᠯᠡᠨ ᠴᠢᠷᠮᠠᠶᠢᠵᠤ᠂ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠦᠵᠡᠰᠬᠦᠯᠡᠩ ᠢ ᠲᠣᠭᠤᠷᠢᠨ ᠦᠵᠡᠪᠡ᠃        ᠦᠳᠡ ᠶᠢᠨ ᠬᠤᠶᠢᠨᠠᠬᠢ 3 ᠴᠠᠭ 45 ᠮᠢᠨᠦ᠋ᠲ ᠲᠤ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠡᠭᠡᠵᠢᠩ ᠤᠨ ᠦᠵᠡᠰᠭᠦᠯᠡᠩ ᠤᠨ ᠣᠷᠳᠣᠨ ᠳᠤ ᠬᠦᠷᠴᠦ᠂ ᠦᠵᠡᠰᠬᠦᠯᠡᠩ ᠤᠨ ᠲᠢᠩᠬᠢᠮ ᠳᠤ ᠠᠯᠬᠤᠯᠠᠨ ᠣᠷᠣᠵᠤ ᠦᠵᠡᠰᠭᠦᠯᠡᠩ ᠢ ᠲᠣᠭᠤᠷᠢᠨ ᠦᠵᠡᠪᠡ᠃ ᠦᠵᠡᠰᠭᠦᠯᠡᠩ ᠨᠢ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠢᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ 10 ᠵᠢᠯ ᠤᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠳᠦᠷᠰᠦ ᠶᠢ ᠢᠯᠡᠷᠡᠭᠦᠯᠦᠭᠰᠡᠨ ᠪᠥᠭᠡᠳ ᠬᠤᠪᠢᠰᠤᠯᠲᠠ ᠶᠢᠨ ᠠᠷᠤ ᠳᠠᠬᠢ ᠬᠦᠴᠦᠨ ᠴᠢᠳᠠᠯ ᠪᠣᠯᠤᠨ ᠬᠥᠳᠡᠯᠭᠡᠬᠦ ᠴᠢᠳᠠᠪᠤᠷᠢ ᠶᠢ ᠢᠯᠡᠷᠡᠭᠦᠯᠪᠡ︔ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠦᠷᠦ ᠶᠢᠨ ᠵᠢᠯᠤᠭᠤᠳᠤᠯᠭ᠎ᠠ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠢᠯᠡᠷᠡᠭᠦᠯᠦᠭᠰᠡᠨ ᠮᠥᠷᠲᠡᠭᠡᠨ ᠪᠠᠰᠠ ᠥᠷᠭᠡᠨ ᠤᠯᠠᠨ ᠠᠷᠠᠳ ᠲᠦᠮᠡᠨ ᠤ ᠪᠦᠯᠬᠦᠮᠳᠡᠨ ᠨᠢᠭᠡᠳᠴᠦ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠳᠦᠷᠰᠦ ᠪᠠᠶᠢᠳᠠᠯ ᠢ ᠲᠤᠰᠬᠠᠪᠠ᠃ ᠦᠵᠡᠰᠭᠦᠯᠡᠩ ᠳᠤ ᠤᠷᠤᠰᠢᠯ ᠲᠢᠩᠬᠢᠮ᠂ ᠲᠥᠪ ᠤᠨ ᠶᠡᠷᠦᠩᠬᠡᠶᠢᠯᠡᠭᠰᠡᠨ ᠦᠵᠡᠰᠬᠦᠯᠡᠩ ᠤᠨ ᠲᠣᠭᠤᠷᠢᠭ᠂ ᠣᠷᠣᠨ ᠨᠤᠲᠤᠭ ᠤᠨ ᠦᠵᠡᠰᠬᠦᠯᠡᠩ ᠤᠨ ᠲᠣᠭᠤᠷᠢᠭ᠂ ᠪᠠᠷᠠᠯᠠᠯ ᠦᠵᠡᠰᠬᠦᠯᠡᠩ ᠤᠨ ᠲᠣᠭᠤᠷᠢᠭ᠂ ᠦᠷᠤᠬᠡ ᠶᠢᠨ ᠭᠠᠳᠠᠨᠠᠬᠢ ᠦᠵᠡᠰᠬᠦᠯᠡᠩ ᠤᠨ ᠲᠣᠭᠤᠷᠢᠭ ᠪᠣᠯᠤᠨ ᠬᠤᠷᠰᠢᠯ ᠦᠵᠡᠰᠬᠦᠯᠡᠩ ᠤᠨ ᠲᠣᠭᠤᠷᠢᠭ ᠵᠡᠷᠭᠡ 6 ᠦᠵᠡᠰᠬᠦᠯᠡᠩ ᠤᠨ ᠲᠣᠭᠤᠷᠢᠭ ᠲᠤᠬᠢᠷᠠᠭᠤᠯᠵᠤ᠂ ᠲᠠᠯᠠᠪᠠᠢ ᠨᠢ 3 ᠲᠦᠮᠡᠨ ᠭᠠᠷᠤᠢ ᠲᠡᠭᠰᠢ ᠳᠥᠷᠪᠡᠯᠵᠢᠨ ᠮᠧᠳ᠋ᠷ ᠢ ᠲᠠᠪᠠᠵᠦ᠂ ᠬᠡᠷᠡᠯ ᠵᠢᠷᠤᠬ᠂ ᠪᠣᠳᠠᠲᠤ ᠡᠳ᠋᠂ ᠵᠠᠭᠪᠤᠷ ᠵᠡᠷᠭᠡ 6000 ᠭᠠᠷᠤᠢ ᠵᠦᠢᠯ ᠤᠨ ᠦᠵᠡᠰᠬᠦᠯᠡᠩ ᠤᠨ ᠡᠯᠧᠮᠧᠨ᠋ᠲ ᠢ ᠬᠡᠷᠡᠭᠯᠡᠵᠦ᠂ ᠬᠠᠷᠠᠭᠠᠰᠤ ᠨᠢ ᠦᠷᠬᠡᠨ᠂ ᠠᠭᠤᠯᠤᠭᠳᠠᠬᠤᠨ ᠨᠢ ᠪᠠᠶᠠᠯᠢᠬ ᠪᠠᠶᠢᠨ᠎ᠠ᠃        ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠪᠠ ᠦᠶ᠋ᠯᠡᠳᠬᠦ ᠴᠢᠳᠠᠪᠤᠷᠢ ᠶᠢᠨ ᠦᠰᠦᠷᠦᠯᠳᠡ ᠳᠡᠪᠰᠢᠯᠲᠡ ᠶᠢ ᠬᠠᠷᠠᠭᠤᠯᠤᠬᠰᠠᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠵᠠᠩᠭᠢᠯᠠᠭ᠎ᠠ ᠶᠢᠨ ᠦᠶ᠋ᠯᠡᠳᠬᠦᠨ ᠤ ᠪᠣᠳᠠᠲᠤ ᠡᠳ᠋᠂ ᠵᠠᠭᠪᠤᠷ᠂ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮ ᠡᠳᠦᠷ ᠢᠷᠡᠬᠦᠶ᠎ᠡ ᠪᠠᠶᠠᠯᠢᠭᠵᠢᠨ ᠪᠦᠷᠢᠨᠰᠢᠭᠰᠡᠨ ᠢ ᠬᠠᠷᠠᠭᠤᠯᠤᠬᠰᠠᠨ ᠭᠠᠪᠢᠶᠠᠨ ᠲᠡᠮᠳᠡᠭ᠂ ᠮᠧᠳᠠᠯ᠂ ᠤᠯᠤᠰ ᠤᠨ ᠲᠠᠰ ᠤᠨ ᠴᠢᠬᠤᠯᠠ ᠶᠡᠭᠡ ᠬᠡᠪᠯᠡᠯ ᠤᠨ ᠲᠥᠷᠥᠯ ᠵᠦᠶ᠋ᠯ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠪᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠦᠬᠡᠨ ᠠᠬᠢᠴᠠ ᠶᠢ ᠲᠠᠬᠢᠨᠳᠠ ᠢᠯᠡᠷᠡᠬᠦᠯᠦᠭᠰᠡᠨ ᠪᠣᠳᠠᠲᠤ ᠡᠳ᠋᠂ ᠵᠢᠷᠤᠭᠲᠤ ᠬᠦᠰᠦᠨᠦᠭ᠂ ᠵᠢᠷᠤᠭ ᠰᠡᠬᠦᠳᠡᠷ᠂ ︽ᠲᠠᠪᠤᠨ ᠰᠠᠭᠤᠷᠢ︾ ᠤᠬᠳᠠᠷᠭᠤᠢ ᠪᠠ ᠭᠠᠵᠠᠷ ᠢ ᠬᠠᠮᠵᠢᠯᠴᠠᠭᠤᠯᠤᠨ ᠨᠢᠭᠡ ᠴᠣᠭᠴᠠᠵᠢᠭᠤᠯᠤᠭᠰᠠᠨ ᠠᠮᠢ ᠠᠬᠤᠶ ᠣᠷᠴᠢᠨ ᠲᠣᠭᠤᠷᠢᠨ ᠤ ᠪᠣᠰᠤᠭ᠎ᠠ ᠴᠣᠭᠴᠠᠲᠤ ᠠᠯᠤᠰ ᠰᠡᠷᠡᠯ ᠤᠨ ᠬᠢᠨᠠᠨ ᠬᠡᠮᠵᠢᠬᠦ ᠰᠢᠰᠲ᠋ᠧᠮ ᠤᠨ ᠳᠠᠭᠤᠷᠢᠶᠠᠮᠠᠯ ᠡᠯᠡᠰᠦᠨ ᠴᠠᠷ᠎ᠠ᠂ ᠵᠡᠪᠰᠡᠭ ᠲᠣᠨᠣᠭᠯᠠᠯ ᠤᠨ ᠵᠠᠭᠪᠤᠷ᠂ ᠶᠠᠷᠤᠩᠬᠡᠶᠢᠯᠡᠭᠰᠡᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠭᠦᠨᠵᠡᠭᠡᠶ ᠠᠭᠤᠯᠤᠭᠳᠠᠬᠤᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠬᠦᠯᠦᠭᠰᠡᠨ ᠦᠵᠡᠬᠦᠯᠬᠡ ᠶᠢᠨ ᠰᠠᠮᠪᠠᠷ᠎ᠠ᠂ ᠪᠣᠳᠠᠲᠤ ᠡᠳ᠋᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠭᠰᠡᠨ ᠠᠮᠵᠢᠯᠲᠠ ᠪᠦᠲᠦᠮᠵᠢ ᠶᠢ ᠬᠠᠷᠠᠭᠤᠯᠤᠭᠰᠠᠨ ᠪᠣᠰᠤᠭ᠎ᠠ ᠴᠣᠭᠴᠠᠲᠤ ᠡᠯᠧᠺᠳ᠋ᠷᠣᠨ ᠭᠠᠵᠠᠷ ᠤᠨ ᠵᠢᠷᠤᠭ᠂ ᠲᠥᠯᠥᠪᠵᠢᠭᠦᠯᠬᠡ ᠪᠦᠲᠦᠭᠡᠨ ᠪᠠᠶᠢᠭᠤᠯᠤᠯᠳᠠ᠂ ᠵᠢᠮᠳᠤ ᠵᠠᠮ ᠬᠠᠷᠢᠯᠴᠠᠭ᠎ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠬᠢ ᠬᠢᠯᠠᠰ ᠴᠡᠭ ᠦᠷ᠎ᠡ ᠪᠦᠲᠦᠭᠡᠯ ᠢ ᠬᠠᠷᠠᠭᠤᠯᠤᠬᠰᠠᠨ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠡᠯᠡᠰᠦᠨ ᠴᠠᠷ᠎ᠠ ᠁ ᠪᠣᠳᠠᠲᠤ ᠡᠳ᠋ ᠤᠨ ᠵᠠᠭᠪᠤᠷ ᠤᠳ᠂ ᠠᠮᠢᠳᠤᠯᠢᠭ ᠸᠢᠳᠢᠣ᠋ ᠨᠤᠭᠤᠳ᠂ ᠵᠢᠷᠤᠭ ᠰᠡᠬᠦᠳᠡᠷ ᠵᠢᠷᠤᠬᠳᠤ ᠬᠦᠰᠦᠨᠦᠭ ᠨᠦᠭᠦᠳ ᠨᠢ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠨ ᠠᠩᠬᠠᠷᠤᠯ ᠢ ᠲᠠᠲᠠᠪᠠ᠃ ᠲᠡᠳᠡ ᠪᠠᠶᠢᠨ ᠪᠠᠶᠢᠨ ᠵᠣᠭᠬᠢᠨ ᠵᠤᠬᠰᠤᠵᠦ ᠲᠣᠭᠤᠷᠢᠨ ᠦᠵᠡᠵᠦ᠂ ᠲᠠᠶᠢᠯᠪᠤᠷᠢᠯᠠᠬᠤ ᠶᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠦ ᠪᠠᠶᠢᠯ᠎ᠠ᠃         ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠵᠡᠷᠬᠡ ᠬᠦᠮᠦᠰ ᠦᠵᠡᠰᠭᠦᠯᠡᠩ ᠢ ᠲᠣᠭᠤᠷᠢᠨ ᠦᠵᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ