ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠱᠠᠲᠤᠨ ᠤ ᠬᠢᠵᠢᠭ ᠢ | ᠰᠡᠷᠭᠡᠶᠢᠯᠡᠨ ᠡᠵᠡᠮᠳᠡᠬᠦ ᠠᠵᠢᠯᠲᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠷᠣᠨ᠂ | ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠰᠲ᠋ᠧᠮ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠲᠥᠰᠦᠯ︾ ᠢ ᠲᠣᠭᠲᠠᠭᠠᠵᠤ᠂ | ᠪᠥᠬᠦ ᠲᠠᠯ᠎ᠠ ᠪᠠᠷ᠂ ᠲᠠᠰ ᠳᠠᠪᠬᠤᠷᠭ᠎ᠠ ᠬᠤᠪᠢᠶᠠᠨ ᠰᠢᠷᠢᠰ ᠪᠣᠯᠪᠠᠰᠤᠷᠠᠯ ᠥᠷᠨᠢᠭᠦᠯᠪᠡ᠃ | 9 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠬᠤᠷᠠᠯ ᠬᠤᠷᠠᠯᠳᠣᠪᠠ᠃ ᠬᠤᠰᠢᠭᠤᠨ ᠤ ᠰᠢᠭᠤᠳ ᠬᠠᠷᠢᠶ᠎ᠠ ᠡᠮᠴᠢᠯᠡᠭᠡᠨ ᠤ | ᠪᠠᠶᠢᠭᠤᠯᠤᠮᠵᠢ ᠶᠢᠨ ᠰᠠᠯᠠᠭᠠᠨ ᠤ ᠡᠷᠬᠢᠯᠡᠭᠴᠢ ᠠᠴᠠ ᠳᠡᠭᠡᠭᠰᠢᠬᠢ ᠡᠮᠨᠡᠯᠭᠡ ᠶᠢᠨ ᠠᠵᠢᠯᠲᠠᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ᠂ ᠡᠯ᠎ᠡ ᠠᠷᠠᠳ ᠤᠨ ᠡᠵᠡᠩᠨᠡᠭᠰᠡᠨ ᠡᠮᠴᠢᠯᠡᠭᠡᠨ ᠤ | ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠬᠤᠲᠠ ᠲᠣᠭᠤᠷᠢᠭ ᠤᠨ ᠬᠤᠪᠢ ᠶᠢᠨ ᠡᠮᠴᠢᠯᠡᠭᠡᠨ ᠤ ᠭᠠᠵᠠᠷ ᠤᠨ ᠬᠠᠷᠢᠭᠤᠴᠠᠯᠭᠠᠲᠠᠨ ᠨᠡᠶᠢᠲᠡ 148 ᠬᠥᠮᠦᠨ | ᠪᠣᠯᠪᠠᠰᠤᠷᠠᠯ ᠳᠤ ᠣᠷᠣᠯᠴᠠᠪᠠ᠃ | | | | | ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠶ | ᠮᠡᠷᠭᠡᠵᠢᠯᠲᠡᠨ ᠲᠣᠰ ᠲᠣᠰ ᠥᠪᠡᠷ ᠥᠪᠡᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠳᠠᠭᠠᠨ ᠪᠣᠯᠪᠠᠰᠤᠷᠠᠯ ᠥᠷᠨᠢᠭᠦᠯᠵᠦ᠂ ᠠᠭᠤᠯᠭ᠎ᠠ ᠨᠢ ᠬᠠᠯᠳᠠᠪᠤᠷᠢᠲᠤ | ᠡᠪᠡᠳᠴᠢᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠠᠮᠢᠶᠠᠷᠤᠯᠲᠠ᠂ ᠬᠢᠵᠢᠭ ᠤᠨ ᠢᠷᠡᠯᠲᠡ ᠶᠢᠨ ᠭᠠᠵᠠᠷ ᠪᠠ ᠭᠤᠤᠯᠳᠠᠯᠭ᠎ᠠ ᠲᠠᠢ ᠣᠷᠣᠨ ᠪᠦᠰᠡ ᠶᠢᠨ | ᠲᠠᠯᠠᠪᠤᠷ ᠭᠠᠵᠠᠷ ᠢ ᠠᠷᠢᠭᠤᠳᠬᠠᠬᠤ ᠵᠢᠴᠢ ᠦᠨᠡᠯᠡᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠢ ᠡᠮᠴᠢᠯᠡᠵᠦ ᠠᠪᠤᠷᠠᠨ ᠵᠠᠰᠠᠬᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠢ ᠡᠮᠨᠡᠨ ᠵᠠᠰᠠᠬᠤ ᠂ ᠲᠦᠪᠯᠡᠷᠡᠭᠦᠯᠦᠨ ᠲᠤᠰᠠᠭᠠᠷᠯᠠᠬᠤ ᠴᠡᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ | ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ᠂ ᠪᠥᠭᠡᠮ ᠬᠦᠴᠢᠯ ᠴᠤᠭᠯᠠᠭᠤᠯᠬᠤ᠂ ᠪᠠᠶᠢᠴᠠᠭᠠᠨ | ᠬᠡᠮᠵᠢᠬᠦ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠪᠣᠯᠤᠨ ᠪᠠᠶᠢᠴᠠᠭᠠᠬᠤ | ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠮᠡᠳᠡᠭᠡ ᠵᠠᠩᠭᠢ ᠶᠢᠨ ᠰᠢᠰᠲ᠋ᠧᠮ ᠢ ᠵᠢᠷᠤᠮᠵᠢᠭᠤᠯᠤᠨ ᠬᠠᠮᠢᠶᠠᠷᠴᠤ ᠬᠡᠷᠡᠭᠯᠡᠬᠦ ᠵᠢᠴᠢ ᠬᠢᠵᠢᠭ ᠤᠨ ᠪᠠᠶᠢᠳᠠᠯ ᠤᠨ ᠳᠤᠤᠷ᠎ᠠ | ᠨᠢᠭᠡᠳᠦᠭᠡᠷ ᠹᠷᠣᠨᠲ ᠤᠨ ᠡᠮᠴᠢᠯᠡᠭᠡᠨ ᠤ ᠠᠵᠢᠯᠲᠠᠨ ᠤ ᠰᠡᠳᠬᠢᠴᠡ ᠶᠢᠨ ᠳᠠᠷᠤᠯᠲᠠ ᠶᠢ ᠪᠠᠭᠠᠰᠬᠠᠬᠤ ᠶᠢᠰᠦᠨ ᠵᠦᠢᠯ ᠤᠨ ᠠᠭᠤᠯᠭ᠎ᠠ ᠶᠢ ᠪᠠᠭᠲᠠᠭᠠᠪᠠ᠃ | 9 ᠰᠠᠷ᠎ᠠ ᠶᠢᠨ 20 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠬᠤᠯᠤᠭᠠᠨ᠎ᠠ ᠶᠢᠨ | ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠬᠤᠷᠠᠯ ᠬᠤᠷᠠᠯᠳᠣᠵᠣ᠂ ᠬᠤᠷᠠᠯ ᠢ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠹᠧᠩ ᠡᠷᠭᠢᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠬᠢᠯᠡᠭᠴᠢ ᠯᠢ ᠮᠧᠩ ᠱᠠᠨ ᠵᠢᠴᠢ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠤᠭᠴᠤᠭ᠎ᠠ ᠶᠢᠨ ᠺᠠᠳ᠋ᠷ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ | ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠨᠡᠶᠢᠲᠡ 40 ᠭᠠᠷᠤᠶ ᠬᠥᠮᠦᠨ ᠰᠣᠷᠢᠯᠲᠠ ᠳᠤ | ᠣᠷᠣᠯᠴᠠᠪᠠ᠃ | | | | | ᠲᠣᠰ ᠤᠳᠠᠭᠠᠨ ᠤ ᠰᠣᠷᠢᠯᠲᠠ ᠨᠢ ᠴᠥᠮ ᠠᠬᠤᠶ ᠪᠠᠶᠢᠳᠠᠯ ᠤᠨ ᠪᠠᠶᠢᠷᠢᠯᠠᠭᠤᠯᠤᠯᠲᠠ᠂ ᠠᠰᠠᠭᠤᠯᠲᠠ ᠬᠠᠷᠢᠭᠤᠯᠲᠠ ᠶᠢᠨ ᠠᠷᠭ᠎ᠠ ᠮᠠᠶ᠋ᠢᠭ ᠢᠶᠠᠷ ᠶᠠᠪᠤᠭᠳᠠᠪᠠ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠢᠶᠠᠷ ᠦᠨᠡᠯᠡᠨ ᠲᠣᠭᠲᠠᠭᠠᠬᠤ ᠠᠷᠭ᠎ᠠ ᠬᠡᠮᠵᠢᠶ᠎ᠡ | ᠠᠪᠴᠣ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ᠂ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ | ᠠᠵᠢᠯᠯᠠᠭ᠎ᠠ ᠶᠢ ᠡᠬᠢᠯᠡᠭᠦᠯᠦᠭᠰᠡᠨ ᠠᠴᠠ ᠠᠪᠤᠭᠠᠳ ︽ᠭᠤᠷᠪᠠᠨ ᠥᠬᠡᠶ ᠭᠤᠷᠪᠠᠨ ᠪᠣᠯᠬᠤ ᠭᠤᠷᠪᠠ ᠶᠢ ᠬᠠᠮᠠᠭᠠᠯᠠᠬᠤ︾ ᠬᠦᠷᠲᠡᠯᠡᠬᠢ ᠪᠣᠳᠠᠲᠠᠶ ᠠᠭᠤᠯᠭ᠎ᠠ ᠵᠡᠷᠭᠡ ᠳᠤ | ᠪᠥᠬᠦ ᠶᠠᠪᠤᠴᠠ ᠶᠢᠨ ᠳᠡᠯᠭᠡᠷᠡᠭᠦᠯᠦᠯᠲᠡ ᠬᠢᠵᠣ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠤᠯᠠᠮ ᠨᠢᠭᠡ ᠠᠯᠬᠤᠮ ᠴᠢᠩᠭᠠᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠨᠢ ᠲᠠᠰ ᠳᠠᠪᠬᠤᠷᠭ᠎ᠠ ᠬᠤᠪᠢᠶᠠᠨ ᠪᠣᠯᠪᠠᠰᠤᠷᠠᠯ ᠬᠦᠷᠲᠡᠭᠡᠵᠦ᠂ ᠪᠣᠯᠪᠠᠰᠤᠷᠠᠯ ᠰᠣᠷᠢᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ ᠥᠬᠡᠶ᠂ | ᠪᠣᠯᠪᠠᠰᠤᠷᠠᠯ ᠰᠣᠷᠢᠯᠲᠠ ᠶᠢ ᠬᠠᠰᠢ ᠶᠠᠰᠢ ᠥᠩᠭᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠥᠬᠡᠶ ᠨᠢᠭᠡᠴᠢ ᠶᠢ ᠵᠠᠷᠯᠠᠨ ᠨᠠᠶᠢᠲᠡᠯᠡᠬᠦ ᠪᠠᠷ ᠪᠣᠢ᠃ | | | | |