ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/29
      9 ᠳ᠋ᠦ᠋ᠭᠡᠷ ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠣᠨ᠎ᠠ︶᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 28 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠴᠤ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 26 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 8᠂ ᠣᠩᠨᠢᠭᠤᠳ ᠬᠤᠰᠢᠭᠤᠨ ᠳᠤ 16᠂ ᠠᠷᠤ ᠬᠤᠷᠴᠢᠨ ᠬᠤᠰᠢᠭᠤᠨ ᠳᠤ 1︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 22 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 20 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 6᠂ ᠣᠩᠨᠢᠭᠤᠳ ᠬᠤᠰᠢᠭᠤᠨ ᠳᠤ 11︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 3 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠴᠤ ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃       9 ᠳ᠋ᠦ᠋ᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 131 ᠪᠠᠶᠢᠵᠤ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 128 ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 73᠂ ᠣᠩᠨᠢᠭᠤᠳ ᠬᠤᠰᠢᠭᠤᠨ ᠳᠤ 49᠂ ᠠᠷᠤ ᠬᠤᠷᠴᠢᠨ ᠬᠤᠰᠢᠭᠤᠨ ᠳᠤ 4︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 127 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 123 ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 52᠂ ᠣᠩᠨᠢᠭᠤᠳ ᠬᠤᠰᠢᠭᠤᠨ ᠳᠤ 69︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 16᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠠᠵᠦ ᠪᠠᠶᠢᠨ᠎ᠠ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ