ᠬᠤᠶᠢᠰᠢᠯᠠᠭᠤᠯᠣᠨ ᠲᠣᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠪᠡ
ᠨᠡᠶᠢᠲᠡᠯᠡᠭᠰᠡᠨ ᠴᠠᠭ᠄
2022/9/29
      ᠬᠥᠮᠦᠨ  ᠤ ᠬᠦᠴᠦᠨ   ᠤ  ᠡᠬᠢ  ᠪᠠᠶᠠᠯᠢᠭ  ᠪᠠ  ᠨᠡᠶᠢᠭᠡᠮ   ᠤᠨ  ᠪᠠᠲᠤᠯᠠᠭ᠎ᠠ   ᠶᠢᠨ  ᠶᠠᠮᠤᠨ᠂  ᠤᠯᠤᠰ   ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋  ᠤᠨ ᠵᠠᠰᠠᠭ  ᠤᠨ ᠶᠠᠮᠤᠨ᠂ ᠤᠯᠤᠰ  ᠤᠨ ᠭᠠᠶᠢᠯᠢ  ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠠᠴᠠ ᠣᠶᠢᠷ᠎ᠠ ᠳᠤ ᠬᠠᠮᠲᠤᠷᠠᠨ  ᠮᠡᠳᠡᠭᠳᠡᠯ  ᠨᠡᠶᠢᠲᠡᠯᠡᠵᠦ᠂  2022ᠣᠨ ᠤ 9 ᠳ᠋ᠣᠭᠡᠷ ᠰᠠᠷ᠎ᠠ ᠠᠴᠠ ᠡᠬᠢᠯᠡᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ  ᠬᠠᠷᠢᠶ᠎ᠠ  ᠬᠤᠲᠠ  ᠵᠢᠴᠢ ᠰᠢᠨᠵᠢᠶᠠᠩ  ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠳᠭᠡᠯ ᠠᠩᠬᠢ ᠶᠢᠨ ᠬᠢᠨ ᠲᠤᠰ ᠭᠠᠵᠠᠷ  ᠣᠷᠣᠨ ᠤ ᠪᠠᠨ ᠬᠢᠵᠢᠭ   ᠲᠤ  ᠨᠥᠯᠥᠭᠡᠯᠡᠭᠳᠡᠭᠰᠡᠨ  ᠪᠠᠶᠢᠳᠠᠯ  ᠪᠠ  ᠨᠡᠶᠢᠭᠡᠮ  ᠤᠨ  ᠳᠠᠭᠠᠳᠬᠠᠯ   ᠤᠨ  ᠰᠠᠭᠤᠷᠢ  ᠮᠥᠩᠭᠦᠨ ᠤ   ᠪᠠᠶᠢᠳᠠᠯ ᠢ ᠦᠨᠳᠦᠰᠦᠯᠡᠵᠦ᠂ ᠬᠤᠶᠢᠰᠢᠯᠠᠭᠤᠯᠤᠨ ᠲᠤᠰᠢᠶᠠᠬᠤ ᠲᠥᠷᠥ  ᠶᠢᠨ  ᠪᠣᠳᠣᠯᠭ᠎ᠠ ᠶᠢ  ᠬᠡᠷᠡᠭᠵᠢᠭᠦᠯᠬᠦ  ᠬᠡᠪᠴᠢᠶ᠎ᠡ ᠶᠢ  ᠤᠯᠠᠮ  ᠨᠢᠭᠡ ᠠᠯᠬᠤᠮ ᠥᠷᠭᠡᠳᠬᠡᠵᠦ᠂ ᠲᠣᠬᠠᠢ ᠶᠢᠨ ᠭᠠᠵᠠᠷ ᠣᠷᠣᠨ ᠤ ᠬᠢᠵᠢᠭ ᠲᠤ ᠨᠡᠯᠢᠶᠡᠳ ᠶᠡᠭᠡ ᠨᠦᠯᠦᠭᠡᠯᠡᠭᠳᠡᠭᠰᠡᠨ᠂  ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ  ᠲᠠᠢ ᠳᠤᠮᠳᠠ ᠵᠢᠵᠢᠭ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ  ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ  ᠵᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ   ᠤᠨ  ᠠᠵᠢᠯᠲᠠᠨ  ᠠᠵᠢᠯᠴᠢᠨ   ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠵᠢᠯ ᠦᠢᠯᠡᠰ  ᠤᠨ ᠨᠢᠭᠡᠴᠢ ᠵᠢᠴᠢ ᠡᠯ᠎ᠡ ᠲᠥᠷᠥᠯ  ᠤᠨ ᠨᠡᠶᠢᠭᠡᠮ ᠤᠨ  ᠵᠣᠬᠢᠶᠠᠨ  ᠪᠠᠶᠢᠭᠤᠯᠤᠯᠲᠠ ᠶᠢ  ᠬᠠᠮᠤᠷᠴᠤ᠂  ᠨᠡᠶᠢᠭᠡᠮ ᠤᠨ  ᠳᠠᠭᠠᠳᠬᠠᠯ ᠤᠨ  ᠰᠦᠢᠳᠭᠡᠯ ᠢ  ᠱᠠᠳᠣᠴᠢ   ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠪᠠᠷ ᠨᠠᠩ ᠣᠯᠠᠨ ᠵᠠᠬ᠎ᠠ ᠳᠡᠯᠭᠡᠭᠦᠷ  ᠤᠨ ᠭᠤᠤᠯ ᠴᠣᠭᠴᠠ  ᠳᠤ  ᠠᠰᠢᠭ ᠬᠦᠷᠲᠡᠭᠡᠨ᠎ᠡ ᠭᠡᠵᠡᠢ᠃ 
ᠢᠷᠡᠯᠲᠡ᠄ ᠠᠷᠠᠳ ᠤᠨ ᠰᠦᠯᠵᠢᠶ᠎ᠡ