ᠠᠮᠠᠷᠠᠯᠲᠠ ᠪᠠᠷ ᠭᠠᠷᠬᠤ ᠬᠦᠮᠦᠰ ᠠᠩᠬᠠᠷ︕
ᠨᠡᠶᠢᠲᠡᠯᠡᠭᠰᠡᠨ ᠴᠠᠭ᠄
2022/9/29
      ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠤ ᠮᠡᠳᠡᠭᠡᠯᠡᠭᠰᠡᠨ ᠢᠶᠠᠷ᠂  ᠲᠥᠷᠥ ᠶᠢᠨ  ᠶᠠᠪᠤᠳᠠᠯ ‍ᠤᠨ‌ᠬᠤᠷᠢᠶ᠎ᠠ ᠣᠶᠢᠷ᠎ᠠ ᠳᠤ ︽2022  ᠣᠨ ᠤ  ᠬᠡᠰᠡᠭ  ᠪᠠᠶᠠᠷ  ᠳᠤᠷᠠᠰᠬᠠᠯ ᠤᠨ  ᠡᠳᠦᠷ ᠤᠨ  ᠲᠣᠬᠢᠷᠠᠭᠤᠯᠤᠯᠲᠠ ᠶᠢᠨ  ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠢ ᠨᠡᠶᠢᠲᠡᠯᠡᠵᠡᠢ᠃ ᠤᠯᠣᠰ ᠤᠨ ᠪᠠᠶᠠᠷ ᠤᠨ ᠬᠤᠭᠤᠴᠠᠭᠠᠨ ᠳᠤ 10 ᠳ᠋ᠤᠭᠠᠷ ᠰᠠᠷ᠎ᠠ ᠶᠢᠨ 1 ᠤ ᠡᠳᠦᠷ ᠠᠴᠠ 7 ᠤ ᠡᠳᠦᠷ  ᠪᠣᠯᠲᠠᠯ᠎ᠠ  7  ᠡᠳᠦᠷ  ᠠᠮᠠᠷᠠᠨ᠎ᠠ᠂  10  ᠳ᠋ᠤᠭᠠᠷ  ᠰᠠᠷ᠎ᠠ ᠶᠢᠨ  8 ᠤ  ᠡᠳᠦᠷ ︵ᠭᠠᠷᠠᠭ ᠤᠨ ᠵᠢᠷᠭᠤᠭᠠᠨ︶᠂  10 ᠳ᠋ᠤᠭᠠᠷ ᠰᠠᠷ᠎ᠠ ᠶᠢᠨ 9 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃                                     ︽ᠵᠠᠮ ᠨᠡᠪᠲᠡᠷᠡᠯᠭᠡ ᠠᠴᠢᠶ᠎ᠠ  ᠵᠦᠭᠡᠭᠡᠪᠤᠷᠢ ᠶᠢᠨ  ᠶᠠᠮᠤᠨ  ᠵᠡᠷᠭᠡ  ᠰᠠᠯᠠᠭ᠎ᠠ  ᠮᠥᠴᠢᠷ ᠤᠨ  ᠴᠢᠬᠤᠯᠠ  ᠶᠡᠭᠡ  ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠲᠤ ᠵᠢᠵᠢᠭ ᠬᠡᠯᠪᠡᠷᠢ ᠶᠢᠨ ᠠᠶᠠᠨᠴᠢᠳ ᠤᠨ  ᠮᠠᠰᠢᠨ  ᠲᠡᠷᠭᠡ ᠶᠢ  ᠲᠦᠯᠦᠪᠤᠷᠢ ᠦᠬᠡᠢ ᠠᠶᠠᠯᠠᠭᠤᠯᠬᠤ ᠲᠤᠬᠠᠢ  ᠬᠡᠷᠡᠭᠵᠢᠭᠦᠯᠬᠦ  ᠲᠥᠰᠦᠯ ᠢ  ᠲᠥᠷᠦ ᠶᠢᠨ  ᠶᠠᠪᠤᠳᠠᠯ ᠤᠨ  ᠬᠤᠷᠢᠶᠠᠨ  ᠠᠴᠠ  ᠴᠣᠬᠤᠯᠠᠪᠤᠷᠢᠯᠠᠨ ᠲᠠᠮᠵᠢᠭᠤᠯᠤᠭᠰᠠᠨ  ᠮᠡᠳᠡᠭᠳᠡᠯ︾ ᠤᠨ  ᠲᠣᠬᠢᠷᠠᠭᠤᠯᠤᠯᠲᠠ ᠶᠢ  ᠦᠨᠳᠦᠰᠦᠯᠡᠪᠡᠯ᠂  ᠴᠠᠭᠠᠨ  ᠰᠠᠷ᠎ᠠ᠂   ᠬᠠᠩᠰᠢ ᠶᠢᠨ   ᠡᠳᠦᠷ᠂ ᠬᠦᠳᠡᠯᠮᠦᠷᠢᠴᠢᠨ ᠤ ᠪᠠᠶᠠᠷ᠂ ᠤᠯᠤᠰ ᠤᠨ ᠪᠠᠶᠠᠷ ᠵᠡᠷᠭᠡ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ  ᠡᠳᠦᠷ ᠪᠠ ᠠᠮᠠᠷᠠᠯᠲᠠ ᠶᠢᠨ ᠡᠳᠦᠷ ᠲᠤ 7 ᠰᠠᠭᠤᠳᠠᠯ ᠠᠴᠠ ᠳᠣᠷᠣᠭᠰᠢᠬᠢ ᠰᠠᠭᠤᠳᠠᠯ ᠲᠠᠢ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠬᠤᠷᠳᠤᠨ ᠤ ᠵᠠᠮ ᠢᠶᠠᠷ ᠲᠦᠯᠦᠪᠤᠷᠢ ᠦᠬᠡᠢ ᠠᠶᠠᠯᠠᠬᠤ ᠬᠠᠷᠭᠠᠯᠵᠠᠯ ᠤᠨ ᠲᠥᠷᠥ ᠶᠢᠨ ᠪᠣᠳᠣᠯᠭ᠎ᠠ ᠶᠢ  ᠬᠦᠷᠲᠡᠵᠤ  ᠪᠤᠯᠬᠤ ᠶᠤᠮ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ