ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/30
       ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠤᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ᠃       ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠲᠤᠬᠠᠢ ᠪᠠᠶᠢᠷᠢᠯᠠᠭᠤᠯᠪᠠ᠃       ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ᠃      ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠤᠤᠷᠠᠭ︶︾ ᠢ ᠪᠠᠲᠤᠯᠠᠪᠠ᠃       ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ︔ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠪᠠᠷ ᠪᠠᠶᠢᠷᠢᠯᠠᠭᠤᠯᠪᠠ︔ ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ︔ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ ᠪᠠᠲᠤᠯᠠᠪᠠ᠃       ᠬᠤᠷᠠᠯ ᠠᠴᠠ ᠵᠢᠭᠠᠬᠤ ᠳᠤ ᠪᠠᠨ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠦᠢᠯᠡᠳᠬᠡᠯ ᠤᠨ ᠦᠢᠯᠡᠰ ᠤᠨ ᠬᠦᠴᠢᠷᠳᠡᠯ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠳᠠᠬᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ ᠠᠬᠢᠭᠤᠯᠬᠤ ᠬᠡᠷᠡᠭᠲᠡᠢ᠃ ᠳᠥᠷᠪᠡᠳᠦᠭᠡᠷ ᠤᠯᠠᠷᠢᠯ ᠳᠤ ᠪᠠᠰᠠ ᠨᠢᠭᠡ ᠪᠦᠯᠦᠭ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠨᠢᠭᠡ ᠳᠤ᠂ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ᠂ ᠪᠣᠬᠢᠷ ᠤᠰᠤ ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠵᠡᠷᠭᠡ 14 ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ 530 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ ᠡᠯ᠎ᠡ ᠭᠠᠵᠠᠷ ᠤᠨ ᠬᠢᠨ ᠤ ᠣᠷᠣᠨ ᠨᠤᠲᠤᠭ ᠤᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠬᠤᠶᠢᠰᠢᠯᠠᠭᠤᠯᠤᠨ ᠲᠤᠰᠢᠶᠠᠬᠤ ᠶᠢ ᠵᠣᠷᠢᠭᠵᠢᠭᠤᠯᠵᠤ᠂ ᠳᠤᠷ᠎ᠠ ᠪᠠᠷ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ᠂ ᠡᠯ᠎ᠡ ᠲᠥᠷᠥᠯ ᠤᠨ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ ᠪᠠᠷᠤᠭ 630 ᠳ᠋ᠦᠩᠰᠢᠭᠤᠷ ᠲᠥᠭᠦᠷᠢᠭ ᠪᠣᠯᠣᠨ᠎ᠠ᠃ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ ᠬᠢᠭᠰᠡᠨ ᠢᠶᠠᠨ ᠵᠠᠪᠠᠯ ᠦᠷ᠎ᠡ ᠳ᠋ᠦᠩ ᠲᠠᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠢᠭ ᠬᠦᠷᠳᠡᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ ᠨᠢᠭᠡ ᠳᠤ᠂ 187 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠷᠬᠤ ᠬᠡᠪᠴᠢᠶ᠎ᠡ ᠪᠠᠷ ᠥᠷᠭᠡᠨ᠂ ᠭᠦᠢᠴᠡᠳᠬᠡᠬᠦ ᠳᠠᠪᠲᠠᠮᠵᠢ ᠥᠨᠳᠥᠷ 22 ᠵᠦᠢᠯ ᠤᠨ ᠲᠥᠷᠥᠯ ᠵᠦᠢᠯ ᠢ ᠰᠢᠨ᠎ᠡ ᠪᠠᠷ ᠨᠡᠮᠡᠨ᠎ᠡ᠃ ᠠᠵᠤ ᠠᠬᠤᠶᠢᠯᠠᠯ ᠳᠤ᠂ ᠡᠯᠧᠺᠳ᠋ᠷᠣᠨ ᠭᠠᠶᠢᠯᠢ ᠲᠤᠰᠢᠶᠠᠬᠤ᠂ ᠭᠠᠶᠢᠯᠢ ᠲᠤᠰᠢᠶᠠᠭᠰᠠᠨ ᠭᠡᠷᠡᠴᠢ ᠪᠢᠴᠢᠵᠦ ᠥᠭᠬᠦ ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠮᠡᠳᠡᠭᠦᠯᠬᠦ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ︔ ᠬᠤᠪᠢ ᠬᠥᠮᠥᠨ ᠳᠤ ᠠᠪᠴᠤ ᠬᠡᠯᠡᠪᠡᠯ᠂ ᠲᠦᠷ ᠴᠠᠭ ᠤᠨ ᠪᠡᠶ᠎ᠡ ᠶᠢᠨ ᠦᠨᠡᠮᠯᠡᠯ ᠠᠪᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠩᠰᠠᠯᠠᠯᠲᠠ ᠪᠠ ᠬᠠᠷᠠᠭᠠᠯᠵᠠᠯ ᠭᠤᠶᠤᠴᠢᠯᠠᠬᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠬᠤᠶᠠᠷ ᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠨᠢᠭᠡᠳᠬᠡᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠨᠠᠩ ᠣᠯᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠠᠬᠢᠭᠤᠯᠤᠨ᠎ᠠ︔ ᠨᠠᠰᠤᠲᠠᠶᠢᠴᠤᠳ ᠤᠨ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ ᠬᠡᠷᠡᠭᠵᠢᠭᠦᠯᠦᠨ᠎ᠡ᠃ ᠭᠤᠷᠪᠠ ᠳᠤ᠂ ᠬᠤᠪᠢ ᠬᠥᠮᠥᠨ ᠤ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠨ᠎ᠠ ᠭᠡᠵᠦ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠨᠠᠮᠤᠷ ᠤᠨ ᠠᠮᠤ ᠪᠤᠳᠠᠭᠠᠨ ᠤ ᠪᠠᠶᠢᠳᠠᠯ ᠠᠴᠠ ᠦᠵᠡᠪᠡᠯ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ ᠲᠠᠷᠢᠶᠠᠯᠠᠩ ᠤᠨ ᠴᠠᠭ ᠢ ᠰᠠᠭᠠᠲᠠᠭᠠᠯ ᠦᠭᠡᠢ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠵᠤ᠂ ᠡᠯᠪᠡᠭ ᠬᠤᠷᠢᠶᠠᠯᠲᠠ ᠣᠯᠵᠤ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠢ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠰᠢᠨ᠎ᠡ ᠲᠥᠷᠥᠯ ᠵᠦᠢᠯ ᠤᠨ ᠠᠵᠢᠯ ᠢ ᠡᠬᠢᠯᠡᠭᠦᠯᠦᠨ᠂ ᠵᠢᠯ ᠤᠨ ᠳᠣᠲᠣᠷ᠎ᠠ 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ ᠭᠡᠵᠡᠢ᠃       ᠬᠤᠷᠠᠯ ᠠᠴᠠ ᠵᠢᠭᠠᠬᠤ ᠳᠤ ᠪᠠᠨ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠠᠷ ᠳᠡᠮᠵᠢᠬᠦ᠂ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠪᠣᠯᠣᠨ᠎ᠠ᠂ ᠡᠨᠡ ᠨᠢ ᠤᠯᠠᠨ ᠲᠦᠮᠡᠨ ᠤ ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠪᠠᠲᠤᠯᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ ᠲᠥᠷᠥ ᠶᠢᠨ ᠪᠣᠳᠣᠯᠭ᠎ᠠ ᠪᠠᠷ ᠳᠡᠮᠵᠢᠵᠦ ᠪᠠᠶᠢᠭ᠎ᠠ᠂ ᠬᠤᠳᠠᠯᠳᠤᠭᠠᠴᠢᠯᠠᠨ ᠡᠵᠡᠩᠨᠡᠵᠦ ᠪᠠᠶᠢᠭ᠎ᠠ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠦᠨ᠎ᠡ᠄ ᠳᠠᠷᠤᠢ ᠵᠠᠷᠤᠳᠠᠯ ᠲᠤᠰᠢᠶᠠᠭᠴᠢ ᠠᠴᠠ ᠵᠢᠯ ᠪᠦᠷᠢ 12000 ᠲᠥᠭᠦᠷᠢᠭ ᠤᠨ ᠬᠢᠵᠠᠭᠠᠷ ᠲᠤᠭ᠎ᠠ ᠪᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠠᠪᠴᠤ᠂ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠠᠴᠠ ᠲᠦᠷ ᠭᠠᠶᠢᠯᠢ ᠲᠠᠲᠠᠪᠤᠷᠢᠯᠠᠬᠤ ᠦᠭᠡᠢ᠂ ᠣᠷᠣᠯᠭ᠎ᠠ ᠣᠯᠬᠤ ᠪᠣᠳᠠᠲᠠᠢ ᠭᠠᠶᠢᠯᠢ ᠶᠢᠨ ᠡᠭᠦᠷᠭᠡᠯᠡᠯ ᠢ 7.5% ᠪᠠᠶᠢᠭᠰᠠᠨ ᠠᠴᠠ 3% ᠪᠣᠯᠭᠠᠨ ᠪᠠᠭᠤᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠪᠣᠯᠲᠠᠯ᠎ᠠ ᠮᠥᠷᠳᠡᠨ ᠬᠤᠶᠢᠰᠢᠯᠠᠭᠤᠯᠤᠨ᠎ᠠ ᠭᠡᠵᠡᠢ᠃       ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠲᠤ ᠵᠠᠬ᠎ᠠ ᠳᠡᠯᠭᠡᠭᠦᠷ ᠤᠨ ᠭᠤᠣᠯ ᠴᠣᠭᠴᠠ 1.6 ᠳ᠋ᠦᠩᠰᠢᠭᠤᠷ ᠡᠷᠦᠬᠡ ᠪᠠᠶᠢᠵᠤ᠂ ᠡᠭᠦᠨ ᠤ ᠳᠣᠲᠣᠷ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1.1 ᠳ᠋ᠦᠩᠰᠢᠭᠤᠷ ᠡᠷᠦᠬᠡ ᠪᠠᠶᠢᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠢᠯ ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠪᠢᠴᠢᠯ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠬᠦ ᠳᠤ ᠥᠪᠡᠷᠮᠢᠴᠡ ᠪᠥᠭᠡᠳ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠡᠢ ᠃ ᠬᠤᠷᠠᠯ ᠠᠴᠠ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ ᠪᠠᠲᠤᠯᠠᠵᠤ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠡᠷᠬᠡ ᠲᠡᠭᠰᠢ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠵᠦ᠂ ᠡᠳ᠋ ᠬᠥᠷᠥᠩᠭᠡ ᠶᠢᠨ ᠡᠷᠬᠡ᠂ ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠬᠤ ᠶᠢ ᠲᠣᠳᠣᠷᠬᠠᠶᠢᠯᠠᠵᠤ᠂ ᠳᠠᠩᠰᠠᠯᠠᠬᠤ ᠪᠠ ᠭᠠᠶᠢᠯᠢ ᠰᠦᠢᠳᠬᠡᠯ ᠤᠨ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠦᠨ᠎ᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ ᠭᠡᠵᠡᠢ᠃       ᠬᠤᠷᠠᠯ ᠠᠴᠠ ᠪᠤᠰᠤᠳ ᠵᠦᠢᠯ ᠢ ᠰᠤᠳᠤᠯᠪᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ