ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ  ᠰᠦᠢᠳᠬᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2022/9/30
     ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 10 ᠰᠠᠷ᠎ᠠ ᠶᠢᠨ 1 ᠤ ᠡᠳᠦᠷ ᠠᠴᠠ 10ᠰᠠᠷ᠎ᠠ ᠶᠢᠨ 7 ᠤ ᠡᠳᠦᠷ ᠪᠣᠯᠲᠠᠯ᠎ᠠ ᠨᠡᠶᠢᠲᠡ 7 ᠡᠳᠦᠷ᠂ 7 ᠰᠠᠭᠤᠳᠠᠯ ᠠᠴᠠ ᠳᠣᠷᠣᠭᠰᠢᠬᠢ ︵7 ᠰᠠᠭᠤᠳᠠᠯ  ᠪᠠᠭᠲᠠᠨ᠎ᠠ︶  ᠪᠠᠭ᠎ᠠ ᠬᠡᠯᠪᠡᠷᠢ ᠶᠢᠨ ᠠᠶᠠᠨᠴᠢᠨ ᠤ  ᠮᠠᠰᠢᠨ  ᠲᠡᠷᠭᠡ ᠠᠴᠠ  ᠵᠠᠮ  ᠨᠡᠪᠲᠡᠷᠡᠯᠭᠡ ᠶᠢᠨ  ᠰᠣᠶᠢᠳᠬᠡᠯ  ᠬᠤᠷᠢᠶᠠᠬᠤ  ᠥᠬᠡᠶ᠂  ᠰᠣᠶᠢᠳᠬᠡᠯ ᠬᠤᠷᠢᠶᠠᠬᠤ ᠥᠬᠡᠶ ᠪᠣᠳᠠᠲᠠᠶ ᠴᠠᠭ ᠨᠢ 10 ᠰᠠᠷ᠎ᠠ ᠶᠢᠨ 1 ᠤ ᠡᠳᠦᠷ ᠤᠨ 0 ᠴᠠᠭ ᠠᠴᠠ 10 ᠰᠠᠷ᠎ᠠ ᠶᠢᠨ  7 ᠤ  ᠡᠳᠦᠷ ᠤᠨ24 ᠴᠠᠭ ᠪᠣᠯᠤᠨ᠎ᠠ᠃             ᠠᠩᠬᠠᠷᠤᠭᠤᠰᠢᠲᠠᠶ ᠨᠢ᠂ ᠲᠡᠷᠭᠡ ᠨᠢ 10 ᠳ᠋ᠤᠭᠠᠷ ᠰᠠᠷ᠎ᠠ ᠶᠢᠨ  1 ᠤ  ᠡᠳᠦᠷ ᠤᠨ  0  ᠴᠠᠭ ᠠᠴᠠ  10  ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ  ᠤᠨ ᠬᠤᠭᠤᠷᠤᠨᠳᠤ ᠳᠡᠭᠡᠳᠦ ᠬᠤᠷᠳᠣᠴᠠᠳᠣ  ᠵᠠᠰᠠᠮᠠᠯ  ᠵᠠᠮ ᠤᠨ  ᠭᠠᠷᠬᠤ  ᠡᠭᠦᠳᠡ ᠪᠠᠷ ᠭᠠᠷᠬᠤ ᠳᠤ ᠴᠥᠮ ᠰᠣᠶᠢᠳᠬᠡᠯ ᠬᠤᠷᠢᠶᠠᠬᠤ ᠥᠬᠡᠶ᠃
ᠢᠷᠡᠯᠲᠡ᠄ ᠠᠷᠠᠳ ᠤᠨ ᠰᠦᠯᠵᠢᠶ᠎ᠡ