ᠮᠠᠨ ᠤ ᠤᠯᠤᠰ ᠤᠨ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠦᠮᠦᠨ 2.18 ᠳ᠋ᠦᠩᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2022/9/30
     27 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ  ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂  ᠮᠠᠨ ᠤ  ᠤᠯᠤᠰ ᠤᠨ ᠰᠤᠷᠭᠠᠨ ᠬᠥᠮᠦᠵᠢᠯ ᠤᠨ ᠳᠦᠷᠰᠦ ᠪᠠᠶᠢᠳᠠᠯ ᠳᠤ ᠶᠠᠭ ᠪᠠᠶᠢᠷᠢᠰᠢᠯ ᠤᠨ ᠴᠢᠨᠠᠷᠲᠠᠶ ᠬᠤᠪᠢᠷᠠᠯᠲᠠ ᠭᠠᠷᠴᠤ ᠪᠠᠶᠢᠨ᠎ᠠ ᠭᠡᠪᠡ᠃           2021 ᠣᠨ ᠳᠤ᠂ ᠪᠥᠬᠦ ᠤᠯᠤᠰ ᠲᠤ ᠡᠯ᠎ᠡ ᠱᠠᠲᠤᠨ ᠤ ᠡᠯ᠎ᠡ  ᠲᠥᠷᠥᠯ ᠤᠨ  ᠰᠤᠷᠭᠠᠭᠤᠯᠢ  ᠨᠡᠶᠢᠲᠡ  52.93ᠲᠦᠮᠡ ᠳᠤ ᠬᠦᠷᠴᠦ᠂ ᠰᠤᠷᠭᠠᠭᠤᠯᠢ ᠳᠤ ᠪᠠᠶᠢᠭ᠎ᠠ ᠰᠣᠷᠣᠭᠴᠢ 2.91 ᠳ᠋ᠦᠩᠰᠢᠭᠤᠷ  ᠲᠤ  ᠬᠦᠷᠪᠡ︔  2012  ᠣᠨ ᠲᠠᠢ ᠬᠠᠷᠢᠴᠠᠭᠤᠯᠪᠠᠯ᠂ ᠰᠤᠷᠭᠠᠭᠤᠯᠢ 6300 ᠭᠠᠷᠤᠶ ᠨᠡᠮᠡᠭᠳᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ  ᠲᠤᠭ᠎ᠠ  2800 ᠭᠠᠷᠤᠶ ᠲᠦᠮᠡ ᠨᠡᠮᠡᠭᠳᠡᠵᠡᠶ᠃ ᠡᠭᠦᠨ ᠳᠤ ᠠᠯᠪᠠᠨ ᠵᠢᠷᠤᠮ ᠤᠨ  ᠰᠤᠷᠭᠠᠨ  ᠬᠥᠮᠦᠵᠢᠯ ᠤᠨ  ᠱᠠᠲᠤᠨ ᠤ  ᠰᠤᠷᠭᠠᠭᠤᠯᠢ  20.7 ᠲᠦᠮᠡ᠂  ᠰᠤᠷᠭᠠᠭᠤᠯᠢ ᠳᠤ  ᠪᠠᠶᠢᠭ᠎ᠠ  ᠰᠤᠷᠤᠭᠴᠢ  1.6  ᠳ᠋ᠦᠩᠰᠢᠭᠤᠷ  ᠲᠤ  ᠬᠦᠷᠴᠦ᠂ ᠨᠢᠭᠡᠨᠲᠡ  ᠪᠦᠬᠦ  ᠲᠠᠯ᠎ᠠ ᠪᠠᠷ ᠲᠦᠭᠡᠮᠡᠯᠵᠢᠪᠡ᠃ 2021 ᠣᠨ ᠳᠤ᠂ ᠬᠥᠳᠡᠯᠮᠦᠷᠢᠯᠡᠬᠦ ᠨᠠᠰᠤᠨ ᠤ  ᠬᠥᠮᠦᠨ  ᠠᠮᠠ ᠶᠢᠨ  ᠰᠤᠷᠭᠠᠨ  ᠬᠥᠮᠦᠵᠢᠯ  ᠬᠦᠷᠲᠡᠭᠰᠡᠨ ᠳᠤᠮᠳᠠᠴᠢ ᠵᠢᠯ ᠬᠤᠭᠤᠴᠠᠭ᠎ᠠ 10.9 ᠵᠢᠯ ᠳᠤ ᠬᠦᠷᠴᠦ᠂ 2012 ᠣᠨ ᠤ ᠬᠢ ᠠᠴᠠ 1.0 ᠵᠢᠯ ᠨᠡᠮᠡᠭᠳᠡᠪᠡ᠃  ᠡᠭᠦᠨ ᠳᠤ᠂ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ  ᠭᠥᠷᠳᠡᠵᠦ  ᠥᠩᠭᠡᠷᠡᠭᠰᠡᠨ  ᠬᠠᠷᠢᠴᠠᠯ  24.9 %  ᠪᠠᠶᠢᠵᠤ᠂  2012 ᠣᠨ ᠤ ᠬᠢ ᠠᠴᠠ 10.3 ᠵᠠᠭᠤᠨ ᠤ ᠨᠢᠭᠡᠴᠢ ᠳᠡᠭᠡᠭᠰᠢᠯᠡᠵᠡᠶ᠃ ᠪᠦᠬᠦ ᠤᠯᠤᠰ ᠤᠨ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 2.18 ᠳ᠋ᠦᠩᠰᠢᠭᠤᠷ ᠢ ᠳᠠᠪᠠᠵᠠᠶ᠃  
ᠢᠷᠡᠯᠲᠡ᠄ ᠠᠷᠠᠳ ᠤᠨ ᠰᠦᠯᠵᠢᠶ᠎ᠡ