ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠨᠡᠨᠬᠦ ᠨᠠᠶᠢᠳᠠᠪᠤᠷᠢᠵᠢᠭᠤᠯᠵᠤ᠂ ᠰᠤᠮᠤ ᠶᠢᠨ ᠤᠯᠠᠨ ᠲᠦᠮᠡᠨ ᠤ ᠤᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠂ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ︾ ᠺᠢᠨᠣ᠋ ᠦᠵᠡᠭᠦᠯᠬᠦ ᠠᠵᠢᠯᠯᠠᠭ᠎ᠠ ᠰᠠᠭᠠᠳᠠᠭ ᠰᠤᠮᠤᠨ ᠳᠤ ᠶᠠᠪᠣᠭᠳᠠᠪᠠ᠃ | | | | | ᠰᠠᠭᠠᠳᠠᠭ ᠰᠣᠮᠣᠨ ᠤ ᠰᠣᠶᠣᠯ ᠤᠨ ᠠᠭᠤᠳᠠᠮ ᠲᠠᠯᠠᠪᠠᠢ ᠳᠤ ᠺᠢᠨᠣ᠋ ᠦᠵᠡᠬᠦ ᠪᠠᠷ ᠢᠷᠡᠭᠰᠡᠨ ᠣᠶᠢᠷ᠎ᠠ ᠬᠠᠪᠢ ᠶᠢᠨ ᠮᠠᠯᠴᠢᠨ ᠲᠦᠮᠡᠨ ᠬᠤᠷᠠᠨ ᠴᠣᠭᠯᠠᠷᠠᠵᠤ ᠂ | ᠭᠡᠷ ᠤᠨ ᠢᠶᠠᠨ ᠡᠭᠦᠳᠡᠨ ᠳᠤ ︽ᠰᠣᠶᠣᠯ ᠤᠨ ᠦᠪᠡᠳᠡᠭᠰᠢ ᠨᠠᠶᠢᠷ︾ ᠢ ᠡᠳ᠋ᠯᠡᠵᠦ ᠪᠠᠶᠢᠪᠠ᠃ ᠲᠣᠰ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠲᠠᠢ ᠨᠢᠭᠲᠠ ᠣᠶᠠᠯᠳᠣᠭᠤᠯᠣᠨ᠂ ︽ᠬᠥᠬᠡᠮᠥ᠋ᠷᠡᠨ ᠢ ᠭᠡᠲᠦᠯᠦᠭᠰᠡᠨ ᠨᠢ︾᠂ ︽ᠤᠷᠭᠤᠨ ᠳᠤᠲᠠᠭᠠᠭᠰᠠᠨ ᠨᠢ︾᠂ ︽ | ᠴᠡᠷᠢᠭ ᠤᠨ ᠪᠠᠲᠤᠯᠠᠭ᠎ᠠ ᠶᠢᠨ ᠪᠢᠴᠢᠭ︾ ᠵᠡᠷᠭᠡ ᠠᠳᠠᠯᠢ ᠪᠤᠰᠤ ᠴᠠᠭ ᠦᠶ᠎ᠡ ᠶᠢ ᠬᠠᠷᠠᠭᠤᠯᠣᠭᠰᠠᠨ ᠰᠢᠯᠢᠳᠡᠭ ᠬᠤᠪᠢᠰᠬᠠᠯᠲᠣ ᠰᠣᠩᠭᠤᠳᠠᠭ ᠺᠢᠨᠣ᠋ ᠶᠢ ᠦᠵᠡᠭᠦᠯᠦᠨ | ᠰᠡᠳᠬᠢᠯ ᠬᠥᠳᠡᠯᠭᠡᠮ᠎ᠡ ᠲᠡᠦᠬᠡᠨ ᠦᠯᠢᠭᠡᠷ ᠪᠠ ᠠᠮᠢᠳᠤ ᠳᠦᠷᠰᠦᠯᠢᠭ ᠪᠠᠭᠠᠲᠤᠷᠯᠢᠭ ᠳᠦᠷᠢ ᠪᠠᠷ ᠲᠠᠮᠵᠢᠭᠤᠯᠣᠨ᠂ ᠥᠷᠭᠡᠨ ᠣᠯᠠᠨ ᠨᠠᠮ ᠤᠨ ᠬᠡᠰᠢᠭᠦᠨ ᠮᠠᠯᠴᠢᠨ | ᠲᠦᠮᠡᠨ ᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠣ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠨ᠂ ᠣᠶᠤᠨ ᠤ | ᠠᠮᠢᠳᠤᠷᠠᠯ ᠢ ᠨᠢ ᠪᠠᠶᠠᠯᠢᠭᠵᠢᠭᠤᠯᠵᠤ᠂ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠪᠠ᠃ | | | | | ᠲᠠᠷᠠᠭᠠᠴᠢ ᠶᠢᠨ ᠠᠯᠬᠤᠮ ᠳᠤ᠂ ᠰᠠᠭᠠᠳᠠᠭ ᠰᠤᠮᠤ ᠤᠯᠠᠨ ᠶᠠᠩᠵᠤ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠴᠢᠨ | ᠲᠦᠮᠡᠨ ᠤ ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠶᠢᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠲᠡᠳᠡᠨ ᠤ ᠵᠣᠯ ᠵᠢᠷᠭᠠᠯᠲᠤ ᠲᠦᠷᠦᠭᠳᠡᠯ | ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ | ᠰᠤᠷᠲᠠᠯ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃ | | | | | | |