ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠢ ᠪᠠᠶᠢᠴᠠᠭᠠᠬᠤ ᠶᠡᠭᠡ ᠠᠩᠭᠢ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/5
     ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠳᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠳᠡᠭᠡᠨ ᠪᠠ ᠡᠮ ᠤᠨ ᠵᠦᠢᠯᠡᠰ ᠤᠨ ᠶᠡᠭᠡ ᠠᠩᠭᠢ ᠰᠢᠯᠢᠳᠡᠭ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠮᠠᠨ ᠤ ᠬᠤᠰᠢᠭᠤᠨ ᠤ ᠬᠠᠷᠢᠶ᠎ᠠ ᠣᠷᠣᠨ ᠳᠤ ᠭᠦᠨᠵᠡᠭᠡᠶᠢᠷᠡᠨ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠢᠳᠡᠭᠡᠨ ᠪᠠ ᠡᠮ ᠤᠨ  ᠵᠦᠢᠯ ᠤᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠪᠠᠶᠠᠷ ᠤᠨ ᠡᠳᠦᠷ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ᠂ ᠪᠣᠷᠣᠯᠠᠭᠤᠯᠭ᠎ᠠ ᠰᠠᠶᠢᠲᠠᠶ ᠢᠳᠡᠭᠡᠨ ᠢᠶᠠᠷ ᠭᠤᠤᠯᠳᠠᠯᠭ᠎ᠠ ᠪᠣᠯᠭᠠᠵᠤ᠂ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠬᠤᠭᠤᠯᠠᠨ ᠬᠡᠷ᠂ ᠡᠮ ᠤᠨ ᠳᠡᠯᠭᠡᠭᠦᠷ᠂ ᠨᠢᠲᠤᠯᠬᠤ ᠲᠠᠯᠠᠪᠠᠶ᠂ ᠲᠡᠵᠢᠭᠡᠨ ᠦᠷᠡᠵᠢᠭᠦᠯᠬᠦ ᠲᠠᠯᠠᠪᠠᠶ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠲᠠᠯᠠᠪᠤᠷ ᠲᠤ ᠴᠢᠭᠯᠡᠭᠦᠯᠦᠨ᠂ ᠶᠧᠪᠡᠩ᠂ ᠴᠠᠭᠠᠨ ᠢᠳᠡᠭᠡᠨ᠂ ᠪᠣᠭᠤᠷᠰᠤᠭ᠂ ᠰᠢᠨ᠎ᠡ ᠰᠣᠷᠭᠤᠭ ᠢᠳᠡᠭᠡᠨ᠂ ᠬᠥᠯᠳᠡᠭᠡᠭᠰᠡᠨ ᠢᠳᠡᠭᠡᠨ᠂ ᠮᠢᠬᠠᠨ ᠢᠳᠡᠭᠡᠨ᠂ ᠡᠷᠡᠭᠦᠯᠵᠢᠯ ᠤᠨ ᠢᠳᠡᠭᠡᠨ᠂ ᠠᠷᠢᠬᠢᠨ ᠤ ᠵᠦᠢᠯ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠴᠠᠭᠠᠯᠲᠠ ᠶᠢ  ᠬᠢᠪᠡ᠃ ᠭᠡᠷᠡᠴᠢ ᠪᠠᠷᠢᠮᠲᠠ ᠪᠠ ᠫᠢᠶᠣᠣ ᠪᠠᠷᠢᠮᠲᠠ ᠨᠢ ᠪᠦᠷᠢᠨ ᠭᠦᠢᠴᠡᠳ ᠪᠠᠶᠢᠬᠤ ᠡᠰᠡᠬᠦ᠂ ︽ᠭᠤᠷᠪᠠ ᠦᠭᠡᠶ︾ ᠦᠢᠯᠡᠳᠬᠦᠨ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠢᠳᠡᠭᠡᠨ ᠤ ᠠᠶᠤᠯ ᠦᠭᠡᠶ ᠶᠢᠨ ᠪᠠᠷᠢᠮᠵᠢᠶ᠎ᠠ ᠳᠤ ᠨᠡᠶᠢᠴᠡᠬᠦ ᠦᠭᠡᠶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠪᠠᠷᠠᠭ᠎ᠠ ᠣᠷᠣᠭᠤᠯᠬᠤ ᠭᠠᠷ ᠭᠦᠢᠴᠡᠳᠭᠡᠯ ᠪᠦᠷᠢᠨ ᠪᠤᠰᠤ᠂ ᠢᠷᠡᠯᠲᠡ ᠶᠢᠨ ᠵᠠᠮ ᠨᠢ ᠲᠣᠳᠣᠷᠬᠠᠶ ᠥᠬᠡᠶ  ᠦᠢᠯᠡᠳᠭᠦᠨ ᠳᠤ ᠡᠵᠡᠩᠨᠡᠯᠲᠡ ᠶᠢ ᠨᠢ ᠵᠣᠭᠰᠣᠭᠠᠬᠤ ᠪᠤᠶᠤ ᠪᠣᠷᠣᠯᠠᠭᠤᠯᠬᠤ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠴᠠᠶ᠃ ᠨᠡᠶᠢᠲᠡ ᠠᠮᠤ ᠲᠣᠰᠣᠨ ᠤ  ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠬᠡᠲᠦ ᠳᠡᠯᠭᠡᠭᠦᠷ᠂ ᠶᠧᠪᠡᠩ ᠪᠣᠯᠪᠠᠰᠤᠷᠠᠭᠤᠯᠬᠤ᠂ ᠡᠮ ᠤᠨ ᠳᠡᠯᠭᠡᠭᠦᠷ ᠪᠠ ᠬᠤᠪᠢ ᠶᠢᠨ ᠡᠮᠴᠢᠯᠡᠭᠡᠨ ᠤ ᠭᠠᠵᠠᠷ ᠵᠡᠷᠭᠡ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ ᠶᠢᠨ  ᠨᠢᠭᠡᠴᠢ 20 ᠭᠠᠷᠤᠶ ᠡᠷᠦᠬᠡ ᠶᠢ ᠪᠠᠶᠢᠴᠠᠭᠠᠪᠠ᠃      ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠠᠮᠤᠷ ᠠᠮᠤᠭᠤᠯᠠᠩ ᠪᠠᠶᠠᠷ ᠬᠥᠷ ᠲᠠᠢ ᠪᠠᠶᠢᠬᠤ ᠶᠢ ᠪᠠᠲᠤᠯᠠᠨ᠎ᠠ︕
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ