8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠭᠤᠤ ᠬᠤᠩ ᠪᠦᠯᠬᠦᠮ ᠳᠠᠭᠠᠭᠤᠯᠤᠭᠰᠠᠨ ᠪᠠᠶᠢᠴᠠᠭᠠᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ 2021— | 2025 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ︵ᠬᠤᠲᠠ᠂ | ᠲᠣᠭᠤᠷᠢᠭ︶ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠪᠠᠶᠢᠴᠠᠭᠠᠨ ᠵᠢᠯᠣᠭᠤᠳᠤᠭᠰᠠᠨ ᠪᠥᠭᠡᠳ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠤᠭᠰᠠᠨ ᠲᠤᠬᠠᠶ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ | ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠢᠶᠠᠩ ᠰᠢᠤᠸᠠᠢ ᠵᠢᠴᠢ ᠬᠤᠰᠢᠭᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠪᠣᠯᠤᠨ | ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ︽ᠤᠷᠠᠳ ᠤᠨ ᠡᠮᠦᠨᠡᠲᠦ ᠬᠤᠰᠢᠭᠤᠨ ᠤ ᠪᠠᠶᠢᠳᠠᠯ ᠢ ᠤᠬᠠᠭᠤᠯᠬᠤ ᠹᠢᠯᠢᠮ︾ ᠢ ᠦᠵᠡᠵᠦ᠂ ᠵᠢᠶᠠ ᠵᠧᠨ | ᠬᠤᠸᠠ ᠶᠢᠨ ᠤᠷᠠᠳ ᠤᠨ ᠡᠮᠦᠨᠡᠲᠦ ᠬᠤᠰᠢᠭᠤᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠪᠠᠶᠢᠴᠠᠭᠠᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠢᠶᠠᠨ ︵ᠬᠤᠲᠠ᠂ ᠲᠣᠭᠤᠷᠢᠭ︶ ᠢ ᠡᠭᠦᠳᠦᠨ ᠪᠠᠶᠢᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠨᠤᠲᠠᠯᠠᠪᠠ᠃ ᠭᠤᠤ ᠬᠤᠩ ᠵᠢᠭᠠᠵᠤ ᠭᠠᠷᠭᠠᠭᠰᠠᠨ ᠨᠢ᠂ ᠪᠥᠬᠦ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠪᠣᠯ ᠵᠠᠰᠠᠭ ᠤᠨ ᠣᠷᠳᠣᠨ ᠠᠴᠠ | ᠳᠥᠯᠭᠢᠨ ᠠᠬᠢᠭᠤᠯᠬᠤ᠂ ᠡᠯ᠎ᠡ ᠰᠠᠯᠠᠭ᠎ᠠ ᠮᠥᠴᠢᠷ ᠣᠷᠣᠯᠴᠠᠬᠤ᠂ ᠨᠡᠶᠢᠭᠡᠮ ᠵᠢᠴᠢ ᠡᠬᠢ ᠪᠠᠶᠠᠯᠢᠭ ᠤᠨ ᠶᠡᠭᠡ ᠬᠤᠯᠪᠣᠭᠠᠯᠠᠯ ᠤᠨ ᠶᠡᠭᠡ ᠠᠵᠢᠯᠯᠠᠭ᠎ᠠ ᠮᠥᠨ᠃ ᠡᠭᠦᠳᠦᠨ | ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠤᠯᠠᠮ ᠨᠢᠭᠡ | ᠠᠯᠬᠤᠮ ᠥᠷᠭᠡᠳᠬᠡᠬᠦ ᠬᠡᠷᠡᠭᠲᠡᠶ᠃ ᠪᠠᠶᠢᠴᠠᠭᠠᠯᠲᠠ ᠶᠢ ᠤᠭᠲᠤᠬᠤ ᠱᠤᠭᠤᠮ ᠢ ᠣᠨᠣᠪᠴᠢᠲᠠᠢ ᠲᠣᠭᠲᠠᠭᠠᠵᠤ᠂ ᠥᠨᠳᠥᠷ ᠲᠦᠪᠰᠢᠨ ᠢᠶᠠᠷ ᠲᠤᠰ ᠭᠠᠵᠠᠷ ᠣᠷᠣᠨ ᠤ | ᠣᠨᠴᠠᠯᠢᠭ ᠢᠶᠠᠨ ᠢᠯᠡᠷᠡᠭᠦᠯᠬᠦ ᠬᠡᠷᠡᠭᠲᠡᠢ᠃ ᠳᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠶᠢ ᠵᠢᠷᠤᠮᠵᠢᠭᠤᠯᠵᠤ᠂ ᠡᠭᠦᠳᠦᠨ ᠪᠠᠶᠢᠭᠤᠯᠬᠤ ᠶᠠᠪᠤᠴᠠ ᠶᠢ ᠪᠤᠰᠤᠳᠴᠢ | ᠪᠦᠷᠢᠨ ᠪᠦᠲᠦᠨ ᠢᠯᠡᠷᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ᠂ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠪᠠᠶᠢᠭᠤᠯᠤᠯᠲᠠ ᠶᠢᠨ ᠠᠵᠢᠯ ᠤᠨ ᠲᠠᠪᠠᠯᠳᠠᠳᠤ ᠮᠠᠶ᠋ᠢᠭ ᠤᠨ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠪᠠᠶᠠᠨᠪᠢᠯᠢᠭ᠌᠂ ᠤᠷᠠᠳ ᠤᠨ ᠡᠮᠦᠨᠡᠲᠦ ᠬᠤᠰᠢᠭᠤ ᠲᠣᠰ ᠤᠳᠠᠭ᠎ᠠ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ | ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠤᠯᠠᠮ ᠴᠢᠨᠠᠭᠰᠢᠳᠠ ᠪᠠᠶᠢᠴᠠᠭᠠᠨ ᠨᠥᠬᠦᠪᠥᠷᠢᠯᠡᠵᠦ᠂ ᠪᠥᠬᠦ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ | ᠴᠢᠨᠠᠷ ᠰᠠᠶᠢᠲᠠᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯ ᠢ ᠶᠡᠭᠡ ᠪᠠᠷ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠠᠳ ᠤᠨ ᠡᠮᠦᠨᠡᠲᠦ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠩ ᠪᠠᠶᠠᠨ ᠴᠢᠨᠡᠭᠡᠯᠢᠭ ᠡᠶ᠎ᠡ | ᠵᠣᠬᠢᠴᠠᠩᠭᠤᠶ ᠤᠷᠠᠳ ᠤᠨ ᠡᠮᠦᠨᠡᠲᠦ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠳᠬᠡᠪᠡ᠃ | ᠬᠠᠷᠢᠭᠤ ᠮᠡᠳᠡᠭᠦᠯᠦᠯᠲᠡ ᠶᠢᠨ ᠬᠤᠷᠠᠯ ᠳᠠᠭᠤᠰᠤᠭᠰᠠᠨ ᠤ ᠳᠠᠷᠠᠭ᠎ᠠ᠂ ᠪᠠᠶᠢᠴᠠᠭᠠᠯᠲᠠ ᠶᠢᠨ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠪᠥᠬᠦ | ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ | ᠪᠠᠶᠢᠴᠠᠭᠠᠨ ᠦᠵᠡᠪᠡ᠃ ᠮᠣᠨᠠ ᠠᠭᠤᠯᠠ ᠶᠢᠨ ᠪᠤᠯᠠᠭ ᠤᠨ ᠣᠰᠤᠨ ᠤ ᠪᠠᠯᠭᠠᠰᠤᠨ ᠤ ᠳᠠᠯᠠᠢ ᠲᠠᠩᠭᠢᠰ ᠤᠨ ᠣᠷᠳᠣᠨ᠂ ᠤᠯᠠᠭᠠᠨᠰᠤᠬᠠᠢ ᠵᠢᠴᠢ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠰᠢᠨ᠎ᠡ ᠣᠷᠳᠣᠨ ᠤ ᠪᠠᠭᠤᠷᠢ ᠶᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ |