ᠤᠷᠠᠳ ᠤᠨ ᠡᠮᠦᠨᠡᠲᠤ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠤᠷᠢᠶ᠎ᠠ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/9/6
      ᠤᠷᠠᠳ ᠤᠨ ᠡᠮᠦᠨᠡᠲᠤ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠣ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ  ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠭᠦᠰᠴᠦ ᠮᠡᠳᠡᠬᠦ ᠬᠤᠯᠤᠭᠠᠨ᠎ᠠ ᠶᠢᠨ ᠬᠢᠵᠢᠭ ᠢ ᠢᠳᠡᠪᠬᠢᠲᠡᠶ ᠠᠷᠭᠠᠴᠠᠨ᠂ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠪᠠ ᠠᠪᠤᠷᠠᠨ ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ︽ᠡᠷᠲᠡ ᠢᠯᠡᠷᠡᠭᠦᠯᠦᠨ᠂ ᠡᠷᠲᠡ ᠮᠡᠳᠡᠭᠦᠯᠵᠦ᠂ ᠡᠷᠲᠡ ᠲᠣᠰᠠᠭᠠᠷᠯᠠᠨ᠂ ᠡᠷᠲᠡ ᠡᠮᠨᠡᠨ ᠵᠠᠰᠠᠬᠤ︾ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠲᠣᠰ ᠬᠤᠷᠢᠶᠠᠨ ᠤ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠦᠷᠨᠢᠬᠦᠯᠪᠡ᠃      ᠪᠣᠯᠪᠠᠰᠣᠷᠠᠯ ᠨᠢ ᠲᠥᠪᠯᠡᠷᠡᠭᠦᠯᠦᠨ ᠬᠢᠴᠢᠶᠡᠯ ᠣᠷᠣᠬᠤ ᠠᠷᠭ᠎ᠠ ᠮᠠᠶ᠋ᠢᠭ ᠢᠶᠠᠷ ᠶᠠᠪᠤᠭᠳᠠᠵᠤ᠂ ᠡᠩ ᠲᠡᠷᠢᠬᠦᠨ ᠳᠤ᠂ ᠡᠮᠨᠡᠯᠭᠡ ᠶᠢᠨ ᠶᠠᠪᠣᠳᠠᠯ ᠤᠨ ᠰᠠᠯᠠᠭᠠᠨ ᠤ ᠡᠷᠬᠢᠯᠡᠭᠴᠢ ᠠᠴᠠ ︽ᠬᠤᠯᠤᠭᠠᠨ᠎ᠠ ᠶᠢᠨ ᠬᠢᠵᠢᠭ︾ ᠢᠶᠠᠷ ᠭᠤᠤᠯ ᠰᠡᠳᠦᠪ ᠪᠣᠯᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠᠬᠢ ᠠᠩᠬᠠᠨ ᠤ ᠣᠨᠣᠰᠢᠯᠠᠯᠲᠠ ᠶᠢᠨ ᠡᠮᠴᠢ ᠶᠢᠨ ᠡᠭᠦᠷᠭᠡ ᠬᠠᠷᠢᠭᠤᠴᠠᠯᠭ᠎ᠠ ᠬᠢᠭᠡᠳ ᠦᠢᠯᠡᠳᠦᠯ᠂ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠮᠡᠳᠡᠯᠭᠡ᠂ ᠬᠤᠯᠤᠭᠠᠨ᠎ᠠ ᠶᠢᠨ ᠬᠢᠵᠢᠭ ᠤᠨ ᠬᠤᠤᠷ ᠬᠥᠨᠥᠭᠡᠯ ᠬᠢᠭᠡᠳ ᠰᠡᠷᠭᠡᠶᠢᠯᠡᠨ ᠡᠵᠡᠮᠳᠡᠬᠦ᠂ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠭᠤᠯᠭ᠎ᠠ ᠳᠤ ᠪᠥᠬᠦ ᠲᠠᠯ᠎ᠠ ᠪᠠᠷ ᠨᠠᠷᠢᠨ ᠲᠠᠶᠢᠯᠤᠮᠵᠢ ᠬᠢᠪᠠ᠃

鼠疫培训2.png

     ᠳᠠᠷᠠᠭ᠎ᠠ ᠨᠢ᠂ ᠬᠠᠯᠳᠠᠪᠤᠷᠢᠯᠠᠯ ᠢ ᠡᠵᠡᠮᠳᠡᠬᠦ ᠰᠠᠯᠠᠭᠠᠨ ᠤ ᠡᠷᠬᠢᠯᠡᠭᠴᠢ ᠠᠴᠠ ︽ᠬᠤᠯᠤᠭᠠᠨ᠎ᠠ ᠶᠢᠨ ᠬᠢᠵᠢᠭ ᠢ ᠢᠯᠭᠠᠨ ᠲᠠᠨᠢᠬᠤ ᠪᠠ ᠡᠮᠨᠡᠯᠭᠡ ᠶᠢᠨ ᠬᠤᠷᠢᠶᠠᠨ ᠳᠤ

ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ︾ ᠲᠤᠬᠠᠶ ᠪᠣᠯᠪᠠᠰᠤᠷᠠᠯ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ᠂

ᠬᠠᠯᠳᠠᠪᠤᠷᠢᠯᠠᠬᠤ ᠠᠷᠭ᠎ᠠ ᠵᠠᠮ᠂ ᠡᠮᠴᠢᠯᠡᠭᠡᠨ ᠤ ᠬᠡᠯᠪᠡᠷᠢ ᠬᠤᠪᠢᠶᠠᠬᠤ᠂ ᠬᠤᠯᠤᠭᠠᠨ᠎ᠠ ᠶᠢᠨ ᠬᠢᠵᠢᠭ ᠤᠨ ︽ᠭᠤᠷᠪᠠᠨ ᠥᠬᠡᠶ ᠭᠤᠷᠪᠠᠨ ᠪᠣᠯᠬᠤ ᠭᠤᠷᠪᠠ ᠶᠢ

ᠬᠠᠮᠠᠭᠠᠯᠠᠬᠤ︾᠂ ︽ᠠᠰᠠᠭᠤᠨ ᠣᠨᠣᠰᠢᠯᠠᠬᠤ ᠠᠷᠪᠠᠨ ᠵᠤᠷᠪᠤᠰ︾᠂ ︽ᠠᠷᠪᠠᠨ ᠬᠤᠶᠠᠷ ᠪᠣᠯᠬᠤ ᠥᠬᠡᠶ︾ ᠵᠡᠷᠭᠡ ᠰᠡᠷᠭᠡᠶᠢᠯᠡᠨ ᠡᠵᠡᠮᠳᠡᠬᠦ ᠭᠤᠤᠯᠳᠠᠯᠭ᠎ᠠ᠂

ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠵᠡᠷᠭᠡ ᠬᠡᠳᠦᠨ ᠲᠠᠯ᠎ᠠ ᠠᠴᠠ ᠰᠢᠰᠲ᠋ᠧᠮ ᠲᠠᠢ ᠲᠠᠶᠢᠯᠤᠮᠵᠢ ᠬᠢᠪᠠ᠃

     ᠲᠣᠰ ᠤᠳᠠᠭᠠᠨ ᠤ ᠪᠣᠯᠪᠠᠰᠤᠷᠠᠯ ᠰᠤᠷᠤᠯᠴᠠᠯᠭ᠎ᠠ ᠪᠠᠷ ᠳᠡᠮᠵᠢᠨ᠂ ᠡᠮᠨᠡᠯᠭᠡ ᠶᠢᠨ ᠠᠵᠢᠯᠲᠠᠨ ᠤ ᠬᠤᠯᠤᠭᠠᠨ᠎ᠠ ᠶᠢᠨ ᠬᠢᠵᠢᠭ ᠢ ᠡᠷᠲᠡ ᠢᠯᠭᠠᠨ ᠲᠠᠨᠢᠵᠤ

ᠣᠨᠣᠰᠢᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ

ᠦᠷᠭᠦᠯᠵᠢᠯᠡᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃

鼠疫培训1.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ