ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/6
     9 ᠳ᠋ᠦ᠋ᠭᠡᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 14 ᠨᠡᠮᠡᠭᠳᠡᠵᠦ᠂ ᠡᠭᠦᠨ ᠳᠤ ᠬᠥᠬᠡᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ᠂ 8 ᠳ᠋ᠤᠭᠠᠷ ᠰᠠᠷ᠎ᠠ ᠶᠢᠨ 31 ᠤ ᠡᠳᠦᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 11 ︵ᠴᠦᠮ ᠣᠩᠨᠢᠭᠤᠳ ᠬᠤᠰᠢᠭᠤᠨ ᠳᠤ ᠪᠤᠢ᠂ 3 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠵᠦ᠂ 6 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 2 ᠢ ᠨᠢ ᠭᠡᠷ ᠲᠤ ᠪᠠᠨ ᠰᠠᠭᠤᠵᠤ ᠲᠤᠰᠠᠭᠠᠷᠯᠠᠵᠤ ᠪᠠᠶᠢᠭ᠎ᠠ ᠬᠦᠮᠦᠰ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠪᠡ︶᠂ ᠰᠢᠯᠢ ᠶᠢᠨ ᠭᠤᠣᠯ ᠠᠶᠢᠮᠠᠭ ᠲᠤ 1 ︵ᠰᠠᠨᠠᠭᠠᠴᠢᠯᠠᠭ᠎ᠠ ᠠᠴᠠ ᠪᠠᠨ ᠬᠢᠭᠰᠡᠨ ᠪᠠᠶᠢᠴᠠᠭᠠᠯᠲᠠ ᠳᠤᠮᠳᠠ ᠢᠯᠡᠷᠡᠭᠦᠯᠪᠡ᠂ ᠰᠢᠯᠢᠩᠬᠤᠲᠠ ᠳᠤ︶᠂ ᠣᠷᠳᠣᠰ ᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ᠂ ᠡᠵᠡᠨ ᠬᠤᠷᠤᠭ᠎ᠠ ᠬᠤᠰᠢᠭᠤᠨ ᠳᠤ︶ ᠪᠤᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 6 ︵ᠴᠦᠮ ᠣᠩᠨᠢᠭᠤᠳ ᠬᠤᠰᠢᠭᠤᠨ ᠳᠤ ᠪᠤᠢ᠂ 2 ᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠵᠦ᠂ 4 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠂ ᠰᠢᠯᠢ ᠶᠢᠨ ᠭᠤᠣᠯ ᠠᠶᠢᠮᠠᠭ ᠲᠤ 1 ︵ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠵᠦ᠂ ᠰᠢᠯᠢᠩᠬᠤᠲᠠ ᠳᠤ︶ ᠪᠤᠢ᠃ ᠲᠤᠬᠠᠢ ᠶᠢᠨ ᠭᠠᠵᠠᠷ ᠤᠨ ᠲᠣᠳᠤᠯᠠᠭᠰᠠᠨ 3 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠣᠷᠳᠣᠰ ᠬᠤᠲᠠ ᠳᠤ 2 ︵ᠣᠲᠤᠭ ᠬᠤᠰᠢᠭᠤᠨ ᠳᠤ 1᠂ ᠵᠡᠭᠦᠨᠭᠠᠷ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠦᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ᠃      9 ᠳ᠋ᠦ᠋ᠭᠡᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 59 ᠪᠠᠶᠢᠵᠤ᠂ ᠡᠭᠦᠨ ᠳᠤ ᠬᠥᠬᠡᠬᠤᠲᠠ ᠳᠤ 5᠂ ᠬᠦᠯᠦᠨ ᠪᠤᠶᠢᠷ ᠬᠤᠲᠠ ᠳᠤ 8 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 17 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 2᠂ ᠣᠩᠨᠢᠭᠤᠳ ᠬᠤᠰᠢᠭᠤᠨ ᠳᠤ 14︶᠂ ᠰᠢᠯᠢ ᠶᠢᠨ ᠭᠤᠣᠯ ᠠᠶᠢᠮᠠᠭ ᠲᠤ 21 ︵ᠰᠢᠯᠢᠩᠬᠤᠲᠠ ᠳᠤ 1᠂ ᠡᠷᠢᠶᠡᠨ ᠬᠤᠲᠠ ᠳᠤ 20︶᠂ ᠣᠷᠳᠣᠰ ᠬᠤᠲᠠ ᠳᠤ 8 ︵ᠵᠡᠭᠦᠨᠭᠠᠷ ᠬᠤᠰᠢᠭᠤᠨ ᠳᠤ 4᠂ ᠡᠵᠡᠨ ᠬᠤᠷᠤᠭ᠎ᠠ ᠬᠤᠰᠢᠭᠤᠨ ᠳᠤ 4︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 61 ᠪᠠᠶᠢᠵᠤ᠂ ᠡᠭᠦᠨ ᠳᠤ ᠬᠥᠬᠡᠬᠤᠲᠠ ᠳᠤ 3᠂ ᠤᠯᠠᠭᠠᠨᠬᠠᠳᠠ ᠬᠤᠲᠠ ᠳᠤ 16 ︵ᠬᠤᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 15︶᠂ ᠰᠢᠯᠢ ᠶᠢᠨ ᠭᠤᠣᠯ ᠠᠶᠢᠮᠠᠭ ᠲᠤ 39 ︵ᠰᠢᠯᠢᠩᠬᠤᠲᠠ ᠳᠤ 1᠂ ᠡᠷᠢᠶᠡᠨ ᠬᠤᠲᠠ ᠳᠤ 38︶᠂ ᠠᠯᠠᠱᠠ ᠠᠶᠢᠮᠠᠭ ᠲᠤ 3 ︵ᠴᠦᠮ ᠠᠯᠠᠱᠠ ᠵᠡᠭᠦᠨ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 15᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠦᠮ ᠬᠥᠬᠡᠬᠤᠲᠠ ᠳᠤ ᠪᠤᠢ ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ