9 ᠳ᠋ᠦ᠋ᠭᠡᠷ ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ | ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 39 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 35 ︵7 ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ ᠢ ᠪᠠᠭᠲᠠᠭᠠᠨ᠎ᠠ᠂ ᠴᠦᠮ ᠣᠩᠨᠢᠭᠤᠳ ᠬᠤᠰᠢᠭᠤᠨ ᠳᠤ ᠪᠤᠢ᠂ | ᠡᠭᠦᠨ ᠳᠤ 20 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 7 ᠶᠢ ᠢ ᠨᠢᠭᠲᠠ ᠣᠶᠢᠷᠠᠲᠤᠭᠴᠢ ᠶᠢᠨ ᠰᠢᠭᠰᠢᠨ ᠪᠠᠶᠢᠴᠠᠭᠠᠯᠲᠠ ᠠᠴᠠ ᠪᠠᠶᠢᠴᠠᠭᠠᠨ | ᠢᠯᠡᠷᠡᠭᠦᠯᠵᠦ᠂ 4 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠦ᠂ 3 ᠶᠢ ᠨᠢ ᠦᠨᠳᠦᠷ ᠲᠡᠰ ᠤᠨ ᠲᠦᠭᠰᠢᠭᠦᠷᠢᠲᠦ ᠣᠷᠣᠨ ᠤ ᠰᠢᠭᠰᠢᠨ | ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠵᠦ᠂ 1 ᠶᠢ ᠨᠢ ᠪᠢᠲᠡᠭᠦᠮᠵᠢᠯᠡᠭᠰᠡᠨ ᠪᠣᠰᠤ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠮᠦᠰ ᠤᠨ ᠰᠢᠭᠰᠢᠨ | ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠪᠡ︶᠂ ᠰᠢᠯᠢ ᠶᠢᠨ ᠭᠤᠣᠯ ᠠᠶᠢᠮᠠᠭ ᠲᠤ 4 ︵ᠰᠢᠯᠢ ᠶᠢᠨ ᠬᠤᠲᠠ ᠳᠤ 3 ᠪᠠᠶᠢᠵᠤ᠂ 2 ᠶᠢ ᠨᠢ ᠨᠡᠶᠢᠭᠡᠮ | ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠦ᠂ 1 ᠶᠢ ᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︔ ᠡᠷᠢᠶᠡᠨ ᠬᠤᠲᠠ ᠳᠤ 1᠂ | ᠪᠢᠲᠡᠭᠦᠮᠵᠢᠯᠡᠭᠰᠡᠨ ᠪᠣᠰᠤ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠮᠦᠰ ᠤᠨ ᠰᠢᠭᠰᠢᠨ ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠪᠡ︶ ᠪᠤᠢ︔ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 69 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 60 ︵ᠴᠦᠮ ᠣᠩᠨᠢᠭᠤᠳ ᠬᠤᠰᠢᠭᠤᠨ ᠳᠤ ᠪᠤᠢ᠂ 41 ᠶᠢ ᠨᠢ | ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 7 ᠶᠢ ᠢ ᠨᠢᠭᠲᠠ ᠣᠶᠢᠷᠠᠲᠤᠭᠴᠢ ᠶᠢᠨ ᠰᠢᠭᠰᠢᠨ ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠵᠦ᠂ | 8 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠳᠤ ᠢᠯᠡᠷᠡᠭᠦᠯᠵᠦ᠂ 3 ᠶᠢ ᠨᠢ ᠦᠨᠳᠦᠷ ᠲᠡᠰ ᠤᠨ ᠲᠦᠭᠰᠢᠭᠦᠷᠢᠲᠦ ᠣᠷᠣᠨ ᠤ ᠰᠢᠭᠰᠢᠨ | ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠵᠦ᠂ 1 ᠶᠢ ᠨᠢ ᠪᠢᠲᠡᠭᠦᠮᠵᠢᠯᠡᠭᠰᠡᠨ ᠪᠣᠰᠤ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠮᠦᠰ ᠤᠨ ᠰᠢᠭᠰᠢᠨ | ᠪᠠᠶᠢᠴᠠᠭᠠᠯᠲᠠ ᠠᠴᠠ ᠪᠠᠶᠢᠴᠠᠭᠠᠨ ᠢᠯᠡᠷᠡᠭᠦᠯᠪᠡ︶᠂ ᠰᠢᠯᠢ ᠶᠢᠨ ᠭᠤᠣᠯ ᠠᠶᠢᠮᠠᠭ ᠲᠤ 9 ︵ᠴᠦᠮ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ | ᠢᠯᠡᠷᠡᠭᠦᠯᠵᠡᠢ᠂ ᠰᠢᠯᠢ ᠶᠢᠨ ᠬᠤᠲᠠ ᠳᠤ︶ ᠪᠤᠢ᠃ ᠲᠤᠬᠠᠢ ᠶᠢᠨ ᠭᠠᠵᠠᠷ ᠤᠨ ᠲᠣᠳᠤᠯᠠᠭᠰᠠᠨ 5 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ | ᠡᠭᠦᠨ ᠳᠤ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠣᠷᠳᠣᠰ ᠬᠤᠲᠠ ᠳᠤ 3 ︵ᠴᠦᠮ ᠵᠡᠭᠦᠨᠭᠠᠷ ᠬᠤᠰᠢᠭᠤᠨ ᠳᠤ︶᠂ ᠰᠢᠯᠢ ᠶᠢᠨ ᠭᠤᠣᠯ | ᠠᠶᠢᠮᠠᠭ ᠲᠤ 1 ︵ᠡᠷᠢᠶᠡᠨ ᠬᠤᠲᠠ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 3 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠠᠯᠠᠱᠠ ᠠᠶᠢᠮᠠᠭ ᠲᠤ 2᠂ ︵ᠴᠦᠮ ᠠᠯᠠᠱᠠ ᠵᠡᠭᠦᠨ | ᠬᠤᠰᠢᠭᠤᠨ ᠳᠤ︶ ᠪᠤᠢ᠃ | 9 ᠳ᠋ᠦ᠋ᠭᠡᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 93 ᠪᠠᠶᠢᠵᠤ᠂ ᠡᠭᠦᠨ ᠳᠤ ᠬᠥᠬᠡᠬᠤᠲᠠ ᠳᠤ 5᠂ ᠬᠦᠯᠦᠨ ᠪᠤᠶᠢᠷ ᠬᠤᠲᠠ ᠳᠤ 7 ︵ᠴᠦᠮ ᠮᠠᠨᠵᠤᠤᠷ ᠬᠤᠲᠠ ᠳᠤ︶᠂ | ᠤᠯᠠᠭᠠᠨᠬᠠᠳᠠ ᠬᠤᠲᠠ ᠳᠤ 52 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 2᠂ ᠣᠩᠨᠢᠭᠤᠳ ᠬᠤᠰᠢᠭᠤᠨ ᠳᠤ 49︶᠂ ᠰᠢᠯᠢ ᠶᠢᠨ ᠭᠤᠣᠯ | ᠠᠶᠢᠮᠠᠭ ᠲᠤ 24 ︵ᠰᠢᠯᠢ ᠶᠢᠨ ᠬᠤᠲᠠ ᠳᠤ 4᠂ ᠡᠷᠢᠶᠡᠨ ᠬᠤᠲᠠ ᠳᠤ 20︶᠂ ᠣᠷᠳᠣᠰ ᠬᠤᠲᠠ ᠳᠤ 5 ︵ᠵᠡᠭᠦᠨᠭᠠᠷ ᠬᠤᠰᠢᠭᠤᠨ ᠳᠤ 1᠂ ᠡᠵᠡᠨ ᠬᠤᠷᠤᠭ᠎ᠠ | ᠬᠤᠰᠢᠭᠤᠨ ᠳᠤ 4︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 120 ᠪᠠᠶᠢᠵᠤ᠂ ᠡᠭᠦᠨ ᠳᠤ ᠬᠥᠬᠡᠬᠤᠲᠠ ᠳᠤ 3᠂ | ᠤᠯᠠᠭᠠᠨᠬᠠᠳᠠ ᠬᠤᠲᠠ ᠳᠤ 69 ︵ᠬᠤᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 68︶᠂ ᠰᠢᠯᠢ ᠶᠢᠨ ᠭᠤᠣᠯ ᠠᠶᠢᠮᠠᠭ ᠲᠤ 47 ︵ᠰᠢᠯᠢ ᠶᠢᠨ | ᠬᠤᠲᠠ ᠳᠤ 10᠂ ᠡᠷᠢᠶᠡᠨ ᠬᠤᠲᠠ ᠳᠤ 37︶᠂ ᠠᠯᠠᠱᠠ ᠠᠶᠢᠮᠠᠭ ᠲᠤ 1 ︵ᠠᠯᠠᠱᠠ ᠵᠡᠭᠦᠨ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ | ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 15᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠦᠮ ᠬᠥᠬᠡᠬᠤᠲᠠ ᠳᠤ ᠪᠤᠢ᠃ | ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ | ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | |