ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠠᠵᠢᠯ ᠡᠬᠢᠯᠡᠪᠡ
ᠨᠡᠶᠢᠲᠡᠯᠡᠭᠰᠡᠨ ᠴᠠᠭ᠄
2022/9/6
     ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠠᠵᠢᠯ ᠡᠬᠢᠯᠡᠬᠦ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠤ᠋ ᠴᠠᠩ᠂ ᠹᠠᠨ ᠵᠢᠶᠦ᠋ᠨ ᠬᠤᠶ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠰᠢᠨ ᠠᠨ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠦᠷᠢᠶᠡᠯᠡᠩ ᠤᠨ ᠠᠵᠢᠯ ᠡᠬᠢᠯᠡᠬᠦ ᠲᠤᠤᠰᠠ ᠬᠠᠶᠢᠴᠢᠯᠠᠬᠤ ᠶᠢᠨ ᠬᠠᠮᠲᠤ ᠬᠦᠷᠢᠶᠡᠯᠡᠩ ᠤᠨ ᠡᠯ᠎ᠡ ᠢᠳᠡᠭᠡᠨ ᠤ  ᠦᠢᠯᠡᠳᠪᠦᠷᠢ ᠶᠢ ᠲᠣᠭᠤᠷᠢᠨ ᠦᠵᠡᠪᠡ᠃

食品加工1.jpg

     ᠰᠢᠨ ᠠᠨ ᠪᠠᠯᠭᠠᠰᠤᠨ ᠤ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠨᠢ ᠰᠢᠨ ᠠᠨ ᠪᠠᠯᠭᠠᠰᠤᠨ ᠤ  ᠱᠤ᠋ ᠯᠢᠨ ᠽᠢ ᠲᠣᠰᠬᠤᠨ ᠤ ᠳ᠋ᠠ ᠶᠢᠦ

ᠭᠥᠩ ᠳᠤᠭᠤᠶᠢᠯᠠᠩ ᠳᠤ ᠪᠠᠶᠢᠷᠢᠯᠠᠵᠤ᠂ ᠰᠢᠨ ᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 644 ᠲᠦᠮᠡᠨ ᠲᠥᠭᠦᠷᠢᠭ ᠤᠨ ᠪᠠᠯᠠ

ᠣᠷᠣᠭᠤᠯᠵᠤ᠂ ᠶᠡᠷᠦᠩᠬᠡᠶ ᠲᠠᠯᠠᠪᠠᠶ ᠨᠢ 8478 ᠲᠡᠭᠰᠢ ᠳᠥᠷᠪᠡᠯᠵᠢᠨ ᠮᠧᠲᠷ ᠪᠠᠶᠢᠳᠠᠭ᠃ ᠦᠢᠯᠡᠳᠪᠦᠷᠢᠯᠡᠬᠦ᠂ ᠰᠢᠯᠭᠠᠨ ᠪᠠᠶᠢᠴᠠᠭᠠᠬᠤ᠂ ᠪᠣᠭᠤᠳᠠᠯᠯᠠᠬᠤ᠂

ᠬᠠᠳᠠᠭᠠᠯᠠᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠣᠷᠣᠨ ᠪᠠᠶᠢᠷᠢ ᠲᠣᠭᠲᠠᠭᠠᠬᠤ ᠪᠦᠲᠦᠭᠡᠨ ᠪᠠᠶᠢᠭᠤᠯᠤᠯᠲᠠ ᠶᠢᠨ

ᠶᠣᠰᠣᠭᠠᠷ᠂ ᠬᠦᠷᠢᠶᠡᠯᠡᠩ ᠢ ᠡᠮᠦᠨ᠎ᠡ ᠬᠤᠶᠢᠨ᠎ᠠ ᠬᠤᠶᠠᠷ ᠬᠡᠰᠡᠭ ᠬᠤᠪᠢᠶᠠᠵᠤ᠂ ᠡᠮᠦᠨ᠎ᠡ ᠬᠡᠰᠡᠭ ᠨᠢ ᠢᠳᠡᠭᠡᠨ ᠢ ᠰᠤᠳᠤᠯᠤᠨ ᠨᠡᠭᠡᠭᠡᠵᠦ ᠪᠠᠶᠢᠴᠠᠭᠠᠨ ᠬᠡᠮᠵᠢᠬᠦ᠂

ᠳᠡᠯᠭᠡᠨ ᠦᠵᠡᠭᠦᠯᠬᠦ᠂ ᠪᠣᠷᠣᠯᠠᠭᠤᠯᠬᠤ ᠦᠢᠯᠡᠳᠪᠦᠷᠢ ᠶᠢᠨ ᠲᠣᠭᠤᠷᠢᠭ ᠪᠠᠶᠢᠵᠤ᠂ ᠰᠡᠭᠦᠯᠴᠢ ᠶᠢᠨ ᠬᠡᠰᠡᠭ ᠨᠢ ᠪᠣᠯᠪᠠᠰᠤᠷᠠᠭᠤᠯᠬᠤ᠂ ᠦᠢᠯᠡᠳᠪᠦᠷᠢᠯᠡᠬᠦ

ᠦᠢᠯᠡᠳᠪᠦᠷᠢ ᠶᠢᠨ ᠲᠣᠭᠤᠷᠢᠭ ᠪᠣᠯᠤᠨ᠎ᠠ᠃ ᠡᠮᠦᠨ᠎ᠡ ᠬᠤᠶᠢᠨᠠᠬᠢ ᠲᠣᠬᠢᠷᠠᠭᠤᠯᠤᠯᠲᠠ ᠪᠠᠷ ᠳᠠᠮᠵᠢᠭᠤᠯᠤᠨ᠂ ︽ᠠᠵᠤ ᠦᠢᠯᠡᠳᠪᠦᠷᠢᠵᠢᠯᠲᠡ᠂ ᠲᠠᠷᠢᠶᠠᠯᠠᠩ ᠤᠨ

ᠪᠦᠲᠦᠭᠡᠭᠳᠡᠬᠦᠨ ᠢ ᠠᠵᠤ ᠦᠢᠯᠡᠰᠵᠢᠭᠦᠯᠬᠦ᠂ ᠬᠤᠲᠠ ᠪᠠᠯᠭᠠᠰᠤᠵᠢᠯᠠᠬᠤ︾ ᠭᠤᠷᠪᠠᠨ ᠲᠠᠯ᠎ᠠ ᠶᠢ ᠬᠠᠮᠵᠢᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠲᠠᠷᠢᠶᠠᠯᠠᠩ ᠤᠨ

ᠪᠦᠲᠦᠭᠡᠭᠳᠡᠬᠦᠨ ᠢ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠰᠢᠨ ᠠᠨ ᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠪᠣᠯᠭᠠᠨ

ᠪᠠᠶᠢᠭᠤᠯᠤᠪᠠ᠃ ᠣᠳᠣᠬᠠᠨ ᠳᠤ᠂ ᠰᠢᠨ ᠢᠦᠶ ᠬᠢᠵᠠᠭᠠᠷᠲᠤ ᠺᠣᠮᠫᠠᠨᠢ᠂ ᠬᠤᠸᠠᠨ ᠬᠤᠸᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠵᠡᠷᠭᠡ 7 ᠠᠵᠤ ᠠᠬᠤᠶᠢᠯᠠᠯ

ᠬᠦᠷᠢᠶᠡᠯᠡᠩ ᠲᠤ ᠣᠷᠤᠨ ᠰᠠᠭᠤᠵᠤ᠂ ᠭᠤᠤᠯᠳᠠᠭᠤ ᠭᠦᠵᠡᠭᠡ ᠲᠠᠢ ᠮᠢᠬ᠎ᠠ᠂ ᠤᠲᠤᠮᠠᠯ ᠵᠢᠭᠠᠰᠤ᠂ ᠳᠠᠪᠤᠰᠤᠯᠠᠭᠰᠠᠨ ᠭᠠᠭ᠋ᠠᠶ ᠶᠢᠨ ᠮᠢᠬ᠎ᠠ ᠵᠡᠷᠭᠡ ᠪᠣᠷᠣᠲᠣᠬᠤᠶ

ᠣᠷᠣᠨ ᠤ ᠣᠨᠴᠠᠯᠢᠭᠲᠤ ᠢᠳᠡᠭᠡᠨ ᠢ ᠦᠢᠯᠡᠳᠪᠦᠷᠢᠯᠡᠨ ᠪᠣᠷᠣᠯᠠᠭᠤᠯᠵᠤ ᠪᠠᠶᠢᠨ᠎ᠠ᠃ ᠡᠭᠦᠨ ᠤ ᠬᠠᠮᠲᠤ᠂ ᠬᠦᠷᠢᠶᠡᠯᠡᠩ ᠨᠢ ᠲᠤᠰᠬᠠᠶᠢᠵᠢᠭᠰᠠᠨ ᠰᠢᠭᠤᠳ

ᠨᠡᠪᠲᠡᠷᠡᠭᠦᠯᠭᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠪᠣᠷᠣᠯᠠᠭᠤᠯᠬᠤ ᠵᠠᠭᠪᠤᠷ ᠢ ᠪᠡᠶᠡᠯᠡᠭᠦᠯᠵᠦ᠂

ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠪᠡ᠃ 

食品加工2.jpg

     ︽ᠪᠢᠳᠡ ᠠᠳᠡᠬᠢ ᠶᠢ ᠰᠣᠩᠭᠤᠭᠰᠠᠨ ᠨᠢ ᠣᠷᠴᠢᠨ ᠲᠣᠭᠤᠷᠢᠨ ᠮᠠᠰᠢ ᠰᠠᠶᠢᠨ᠂ ᠥᠪᠥᠷ ᠮᠣᠩᠭᠤᠯ ᠤᠨ ᠪᠣᠷᠣᠲᠣᠬᠤᠶ ᠶᠢᠨ ᠭᠠᠵᠠᠷ ᠣᠷᠣᠨ ᠤ ᠣᠨᠴᠠ

ᠭᠠᠷᠤᠯᠲᠠ ᠶᠢ ᠦᠢᠯᠡᠳᠪᠦᠷᠢᠯᠡᠬᠦ ᠳᠤ ᠲᠣᠬᠢᠷᠠᠮᠵᠢᠲᠠᠶ ᠠᠴᠠ ᠪᠣᠯᠤᠭᠰᠠᠨ ᠶᠤᠮ᠂ ᠡᠭᠦᠨ ᠤ ᠬᠠᠮᠲᠤ ᠵᠠᠰᠠᠭ ᠤᠨ ᠣᠷᠳᠣᠨ ᠪᠠᠰᠠ ᠲᠤᠰᠬᠠᠶᠢᠵᠢᠭᠰᠠᠨ ᠰᠢᠭᠤᠳ

ᠨᠡᠪᠲᠡᠷᠡᠭᠦᠯᠭᠡ ᠶᠢᠨ ᠲᠠᠪᠴᠠᠩ ᠢ ᠪᠠᠶᠢᠭᠤᠯᠵᠤ᠂ ᠪᠢᠳᠡᠨ ᠢ ᠬᠠᠪᠰᠤᠷᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠪᠡᠶᠡᠯᠡᠭᠦᠯᠵᠦ᠂

ᠪᠣᠷᠣᠯᠠᠭᠤᠯᠭ᠎ᠠ ᠶᠢᠨ ᠵᠠᠮ ᠤᠨ ᠠᠰᠠᠭᠤᠳᠠᠯ ᠢ  ᠰᠢᠢᠳᠪᠦᠷᠢᠯᠡᠪᠡ︾ ᠭᠡᠵᠦ ᠬᠦᠷᠢᠶᠡᠯᠡᠩ ᠲᠤ ᠣᠷᠣᠵᠤ ᠰᠠᠭᠤᠭᠰᠠᠨ ᠦᠢᠯᠡᠳᠪᠦᠷᠢ ᠶᠢᠨ ᠬᠠᠷᠢᠭᠤᠴᠠᠯᠭᠠᠲᠠᠨ ᠬᠤᠤ ᠪᠦᠦ

ᠵᠦ ᠰᠤᠷᠪᠤᠯᠵᠢᠯᠠᠭᠴᠢ ᠳᠤ ᠬᠡᠯᠡᠨ᠎ᠡ᠃ 

食品加工3.jpg

     ᠰᠢᠨ ᠠᠨ ᠪᠠᠯᠭᠠᠰᠤᠨ ᠤ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠭᠰᠠᠨ ᠨᠢ ᠲᠤᠬᠠᠶ ᠶᠢᠨ ᠭᠠᠵᠠᠷ ᠤᠨ ᠲᠣᠰᠬᠤᠨ ᠤ

ᠠᠷᠠᠳ ᠤᠨ ᠨᠤᠲᠤᠭ ᠲᠤ ᠪᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ  ᠳᠠᠶᠢᠴᠢᠯᠠᠬᠤ ᠶᠢᠨ ᠬᠠᠮᠲᠤ ᠢᠳᠡᠭᠡᠨ ᠤ ᠬᠦᠷᠢᠶᠡᠯᠡᠩ ᠤᠨ ᠨᠢᠭᠡ

ᠴᠤᠭᠴᠠᠵᠢᠭᠤᠯᠤᠭᠰᠠᠨ ᠲᠠᠪᠴᠠᠩ ᠢ ᠠᠰᠢᠭᠯᠠᠨ᠂ ᠢᠳᠡᠭᠡᠨ ᠤ ᠬᠦᠷᠢᠶᠡᠯᠡᠩ ᠤᠨ ᠶᠡᠷᠦᠩᠬᠡᠶ ᠪᠠᠶᠢᠷᠢ ᠲᠣᠭᠲᠠᠭᠠᠯᠲᠠ ᠪᠠ ᠴᠢᠳᠠᠮᠵᠢ ᠶᠢᠨ ᠣᠷᠣᠨ ᠬᠤᠪᠢᠶᠠᠷᠢᠯᠠᠯ ᠵᠢᠴᠢ

ᠬᠥᠭᠵᠢᠯᠲᠡ ᠶᠢᠨ ᠭᠤᠤᠯᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠡᠭᠡ ᠪᠠᠷ ᠣᠷᠣᠭᠤᠯᠤᠨ

ᠬᠦᠴᠦᠷᠬᠡᠭᠵᠢᠭᠦᠯᠵᠦ᠂ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠵᠤ᠂ ᠰᠢᠨ ᠠᠨ ᠪᠠᠯᠭᠠᠰᠤᠨ ᠳᠤ ᠬᠠᠷᠢᠶᠠᠯᠠᠭᠳᠠᠬᠤ ᠤᠨᠴᠠᠯᠢᠬᠳᠤ ᠲᠥᠷᠥᠯ

ᠲᠡᠮᠳᠡᠭ ᠢ ᠡᠭᠦᠳᠴᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ  ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ

ᠬᠥᠭᠵᠢᠯ ᠪᠠᠳᠠᠷᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠵᠤ᠂ ᠰᠢᠨ ᠠᠨ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ ᠪᠣᠯᠤᠨ᠎ᠠ᠃

食品加工4.jpg

 

食品加工5.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ