ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ 2022 ᠣᠨ ᠤ ︽ᠲᠦᠭᠡᠮᠡᠯ ᠬᠠᠶᠢᠷᠠᠲᠤ ᠭᠡᠷ ᠣᠷᠣᠨ︾ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/9/6
      8 ᠰᠠᠷ᠎ᠠ ᠶᠢᠨ 30 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠰᠤᠳᠠᠯ ᠤᠨ ᠬᠤᠳᠳᠤᠭ ᠪᠠᠯᠭᠠᠰᠤᠨ ᠤ ᠸᠠ ᠶᠣᠣ ᠲᠠᠨ ᠲᠣᠰᠬᠤᠨ ᠳᠤ 2022 ᠣᠨ ᠤ ᠭᠠᠯ ᠤᠨᠲᠠᠷᠠᠭᠠᠬᠤ ᠪᠡᠯᠡᠳᠬᠡᠯ ᠬᠤᠳᠳᠤᠭ ᠤᠨ ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠶᠠᠪᠤᠭᠤᠯᠪᠠ᠃       ᠶᠣᠰᠣᠯᠠᠯ ᠳᠡᠭᠡᠷ᠎ᠡ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠲᠣᠰᠬᠤᠨ ᠤ ᠠᠷᠠᠳ ᠲᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ︽ᠲᠦᠭᠡᠮᠡᠯ ᠬᠠᠶᠢᠷᠠᠲᠤ ᠭᠡᠷ ᠣᠷᠣᠨ︾ ᠤ ᠲᠦᠷᠦᠯ ᠵᠦᠢᠯ ᠢ ᠬᠡᠷᠡᠭᠵᠢᠭᠦᠯᠬᠦ ᠵᠣᠷᠢᠯᠭ᠎ᠠ ᠪᠠ ᠠᠴᠢ ᠬᠤᠯᠪᠣᠭᠳᠠᠯ ᠢ ᠲᠠᠨᠢᠯᠴᠠᠭᠤᠯᠤᠭᠰᠠᠨ ᠤ ᠬᠠᠮᠲᠤ᠂ ᠲᠣᠰᠬᠤᠨ ᠤ ᠠᠷᠠᠳ ᠲᠦᠷᠦᠯ ᠵᠦᠢᠯ ᠤᠨ ᠰᠠᠶᠢᠨ ᠲᠤᠷᠠᠴᠤᠳ ᠤᠨ ᠠᠵᠢᠯ ᠳᠤ ᠣᠷᠣᠯᠴᠠᠵᠤ᠂ ᠤᠯᠠᠭᠠᠨ ᠵᠠᠭᠠᠯᠮᠠᠶᠢᠳᠠᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠡᠯᠡᠳᠬᠡᠯ ᠬᠤᠳᠳᠤᠭ ᠤᠨ ︽ᠲᠦᠭᠡᠮᠡᠯ ᠬᠠᠶᠢᠷᠠᠲᠤ ᠭᠡᠷ ᠣᠷᠣᠨ︾ ᠤ ᠲᠦᠷᠦᠯ ᠵᠦᠢᠯ ᠳᠤ ᠰᠠᠶᠢᠲᠤᠷ ᠦᠢᠯᠡᠴᠢᠯᠡᠬᠦ ᠪᠠ ᠬᠢᠨᠠᠯᠲᠠ ᠲᠠᠯᠪᠢᠬᠤ ᠶᠢ ᠬᠦᠰᠡᠪᠡ᠃ ᠲᠠᠷᠠᠭ᠎ᠠ ᠨᠢ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ᠰᠤᠳᠠᠯ ᠤᠨ ᠬᠤᠳᠳᠤᠭ ᠪᠠᠯᠭᠠᠰᠤᠨ ᠤ ︽ᠲᠦᠭᠡᠮᠡᠯ ᠬᠠᠶᠢᠷᠠᠲᠤ ᠭᠡᠷ ᠣᠷᠣᠨ︾ ᠤ ᠲᠦᠷᠦᠯ ᠵᠦᠢᠯ ᠤᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ 

博爱家园1.jpg

      ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠲᠣᠰᠬᠤᠨ ᠤ ᠠᠷᠠᠳ ᠲᠤ ᠠᠪᠤᠷᠠᠨ ᠲᠤᠰᠠᠯᠠᠬᠤ ᠲᠦᠢᠮᠣᠴᠢᠯᠠᠯ᠂ ᠪᠠᠶᠢᠩᠭᠤ ᠲᠣᠬᠢᠶᠠᠯᠳᠤᠳᠠᠭ

ᠭᠡᠨᠡᠳᠲᠡ ᠶᠢᠨ ᠬᠡᠷᠡᠭ ᠵᠡᠷᠭᠡ ᠰᠠᠭᠤᠷᠢ ᠮᠡᠳᠡᠯᠭᠡ ᠵᠢᠴᠢ ᠵᠢᠷᠦᠬᠡ ᠠᠭᠤᠰᠬᠢ ᠶᠢᠨ ᠰᠡᠷᠭᠦᠭᠡᠯᠲᠡ᠂ ᠰᠢᠷᠬ᠎ᠠ ᠶᠢ ᠠᠪᠤᠷᠠᠨ ᠲᠤᠰᠠᠯᠠᠬᠤ᠂ AED ᠬᠡᠷᠡᠭᠯᠡᠬᠦ ᠵᠡᠷᠭᠡ

ᠪᠣᠳᠠᠲᠠᠶ ᠬᠢᠬᠦ ᠠᠷᠭ᠎ᠠ ᠶᠢ ᠲᠠᠶᠢᠯᠪᠤᠷᠢᠯᠠᠵᠤ᠂ ᠲᠤᠬᠠᠶ ᠶᠢᠨ ᠲᠠᠯᠠᠪᠠᠶ ᠳᠤ ᠵᠢᠱᠢᠶ᠎ᠡ ᠦᠵᠡᠭᠦᠯᠬᠦ ᠶᠢᠨ ᠬᠠᠮᠲᠤ ᠵᠢᠭᠠᠨ ᠵᠢᠯᠤᠭᠤᠳᠴᠦ ᠪᠠᠰᠠ ᠭᠠᠮᠰᠢᠭ ᠢ ᠰᠡᠷᠭᠡᠶᠢᠯᠡᠬᠦ

ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠡᠶ᠃ 

博爱家园2.jpg

      ᠣᠶᠢᠯᠠᠭᠠᠭᠰᠠᠨ ᠢᠶᠠᠷ᠂ ᠲᠣᠰ ᠤᠳᠠᠭᠠᠨ ᠤ ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ  ᠵᠦᠢᠯ ᠳᠤ 15.204 ᠲᠦᠮᠡᠨ ᠲᠥᠭᠦᠷᠢᠭ ᠤᠨ ᠪᠠᠯᠠ

ᠴᠤᠭᠯᠠᠭᠤᠯᠵᠤ᠂ ᠰᠤᠳᠠᠯ ᠤᠨ ᠬᠤᠳᠳᠤᠭ ᠪᠠᠯᠭᠠᠰᠤ ᠶᠢᠨ ᠤᠨ  ᠸᠠ ᠶᠣᠣ ᠲᠠᠨ ᠲᠣᠰᠬᠤᠨ ᠪᠠ ᠶᠦᠩ ᠾᠧ ᠲᠣᠰᠬᠤᠨ ᠤ ᠭᠠᠯ ᠰᠡᠷᠭᠡᠶᠢᠯᠡᠵᠦ ᠭᠠᠮᠰᠢᠭ ᠠᠴᠠ

ᠠᠪᠤᠷᠬᠠᠤ ᠬᠤᠶᠠᠷ ᠬᠤᠳᠳᠤᠭ ᠢ ᠰᠢᠨᠡᠳᠬᠡᠨ ᠳᠠᠬᠢᠨ ᠪᠠᠶᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡᠳᠬᠡᠮᠵᠢ ᠪᠠᠶᠢᠭᠤᠯᠬᠤ ᠪᠠᠷ ᠳᠠᠮᠵᠢᠭᠤᠯᠤᠨ

᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠮᠢ ᠵᠢᠭᠤᠲᠠᠨ ᠠᠶᠤᠯ ᠠᠴᠠ ᠵᠠᠶᠢᠯᠠᠬᠤ ᠵᠡᠷᠭᠡ ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠭᠠᠯ

ᠰᠡᠷᠭᠡᠶᠢᠯᠡᠵᠦ ᠭᠠᠯ ᠤᠨᠲᠠᠷᠠᠭᠠᠬᠤ ᠳᠤ ᠤᠰᠤ ᠲᠠᠲᠠᠬᠤ ᠠᠰᠠᠭᠤᠳᠠᠯ ᠢ  ᠰᠢᠢᠳᠪᠦᠷᠢᠯᠡᠵᠦ᠂ ᠲᠤᠬᠠᠶ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ

ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠨᠡᠮᠡᠭᠳᠡᠭᠦᠯᠬᠦ ᠪᠣᠯᠤᠨ᠎ᠠ᠃ 

博爱家园3.jpg

      ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ ᠵᠦᠢᠯ ᠪᠣᠯ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠬᠥᠳᠡᠭᠡ ᠲᠣᠰᠬᠤᠨ ᠢ ᠪᠥᠲᠥᠭᠡᠨ

ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ᠂

ᠬᠥᠮᠦᠯᠢᠭ ᠦᠵᠡᠯ ᠤᠨ ᠠᠪᠤᠷᠠᠨ ᠲᠤᠰᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠠᠬᠢ ᠠᠭᠤᠰᠤᠯᠴᠠᠯ ᠢ ᠪᠡᠶᠡᠯᠡᠭᠦᠯᠵᠦ

᠂ ᠬᠤᠲᠠ᠂ ᠰᠢᠶᠠᠨ᠂ ᠰᠢᠶᠠᠩ᠂ ᠲᠣᠰᠬᠤᠨ ᠳᠥᠷᠪᠡᠨ ᠱᠠᠲᠤᠨ ᠤ ᠤᠯᠠᠭᠠᠨ ᠵᠠᠭᠠᠯᠮᠠᠶᠢᠲᠠᠨ ᠤ ᠵᠣᠬᠢᠶᠠᠨ ᠪᠠᠶᠢᠭᠤᠯᠤᠯᠲᠠ ᠶᠢᠨ ᠵᠣᠬᠢᠴᠠᠯᠳᠤᠨ ᠬᠤᠯᠪᠣᠭᠠᠯᠠᠨ

ᠬᠥᠳᠡᠯᠦᠯᠴᠡᠬᠦ ᠶᠢ ᠪᠡᠶᠡᠯᠡᠭᠦᠯᠵᠦ᠂ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠷᠢᠭ

ᠰᠠᠨᠠᠭ᠎ᠠ ᠶᠢ ᠦᠨᠳᠦᠰᠦᠨ ᠱᠠᠲᠤᠨ ᠳᠤ ᠤᠯᠠᠮᠵᠢᠯᠠᠨ ᠲᠠᠷᠬᠠᠭᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ