ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠡᠷᠬᠢᠯᠡᠭᠴᠢ ᠰᠢ ᠶᠢᠨ ᠫᠢᠩ 9 ᠰᠠᠷ᠎ᠠ ᠶᠢᠨ 6 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ | ᠨᠥᠬᠦᠴᠡᠯ ᠳᠤᠤᠷᠠᠬᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ | ᠪᠦᠷᠢᠨᠰᠢᠭᠦᠯᠬᠦ ᠲᠤᠬᠠᠶ ᠰᠠᠨᠠᠯ︾᠂ ︽ᠠᠺᠠᠳᠧᠮᠢᠴᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾᠂ ︽ᠡᠬᠢ ᠪᠠᠶᠠᠯᠢᠭ ᠢ | ᠠᠷᠪᠢᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾᠂ ︽ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾᠂ ︽ | ᠥᠭᠡᠷᠡᠴᠢᠯᠡᠯᠲᠡ ᠶᠢ ᠤᠯᠠᠮ ᠴᠢᠨᠠᠬᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠢ ᠬᠢᠨᠡᠨ ᠵᠦᠪᠯᠡᠵᠤ ᠪᠠᠳᠤᠯᠠᠪᠠ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ | ᠪᠦᠲᠦᠭᠡᠵᠦ ᠳᠡᠶᠢᠯᠬᠦ ᠢᠯᠡᠳᠲᠡ ᠳᠠᠪᠠᠭᠤᠯᠢᠭ ᠢ ᠪᠠᠳᠠᠷᠠᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ | ᠨᠠᠮ ᠪᠣᠯᠤᠨ ᠤᠯᠤᠰ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ | ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠵᠤ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ | ᠰᠢᠰᠲ᠋ᠧᠮᠵᠢᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠠᠯᠢ ᠤᠯᠠᠨ ᠴᠢᠬᠤᠯᠠ ᠬᠦᠷᠢᠶᠡᠨ ᠳᠤ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠵᠦ᠂ | ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ ᠲᠦᠷᠢᠮ ᠢ ᠲᠡᠭᠦᠯᠳᠡᠷᠵᠢᠭᠦᠯᠬᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ | ᠭᠤᠣᠯᠳᠠᠯᠭ᠎ᠠ ᠪᠣᠯᠭᠠᠵᠤ᠂ ᠠᠺᠠᠳᠧᠮᠢᠴᠢ ᠶᠢ ᠰᠢᠯᠢᠨ ᠰᠣᠩᠭᠤᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠺᠠᠳᠧᠮᠢᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ | ᠂ ᠠᠺᠠᠳᠧᠮᠢᠴᠢ ᠶᠢᠨ ᠴᠣᠯᠠ ᠶᠢ ᠤᠯᠠᠮ ᠴᠢᠨᠠᠭᠰᠢᠳᠠ ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ ᠤ ᠴᠢᠨᠠᠷ ᠲᠤᠨᠢ ᠪᠤᠴᠠᠭᠠᠬᠤ ᠬᠡᠷᠡᠭᠲᠡᠢ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠬᠢ ᠪᠠᠶᠠᠯᠢᠭ ᠢ ᠠᠷᠪᠢᠯᠠᠬᠤ ᠶᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ | ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠤᠬᠦᠯᠦᠨ ᠠᠰᠢᠭᠯᠠᠬᠤ ᠶᠢ ᠠᠬᠢᠭᠤᠯᠵᠤ᠂ ᠡᠨᠧᠷᠭᠢ᠂ ᠤᠰᠤ᠂ | ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠲᠦᠭᠦᠬᠡᠢ ᠮᠠᠲ᠋ᠧᠷᠢᠶᠠᠯ ᠵᠡᠷᠭᠡ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠷᠭᠡᠳᠭᠡᠬᠦ ᠬᠡᠷᠡᠭᠲᠡᠢ᠃ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ | ᠭᠦᠨᠵᠡᠭᠡᠶᠢᠷᠡᠭᠦᠯᠵᠦ᠂ ᠨᠥᠬᠦᠴᠡᠯ ᠢ ᠴᠢᠩᠳᠠᠯᠠᠨ᠂ ᠲᠠᠰ ᠳᠠᠷᠠᠭᠠᠯᠠᠯ ᠢ ᠵᠢᠷᠤᠮᠵᠢᠭᠤᠯᠵᠤ᠂ ᠥᠭᠡᠷᠡᠴᠢᠯᠡᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ | ᠬᠠᠶᠢᠨ ᠰᠦᠪᠡᠭᠴᠢᠯᠡᠨ ᠰᠢᠶ᠋ᠳᠪᠦᠷᠢᠯᠡᠬᠦ ᠬᠡᠷᠡᠭᠲᠡᠶ᠃ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠳᠡᠭᠡ | ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠵᠤ᠂ ᠥᠷᠭᠡᠨ ᠤᠯᠠᠨ ᠲᠠᠷᠢᠶᠠᠴᠢᠨ ᠲᠦᠮᠡᠨ ᠳᠤ ᠤᠢᠢᠷ᠎ᠠ ᠬᠠᠪᠢ ᠳᠠᠭᠠᠨ ᠨᠡᠩ ᠡᠷᠬᠡ | ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠮᠵᠢ ᠶᠢ | ᠪᠦᠷᠢᠨᠰᠢᠬᠦᠯᠬᠦ ᠳᠤ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠢ ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠤᠨ᠂ ᠬᠦᠴᠦᠨ ᠢᠶᠠᠨ ᠲᠥᠪᠯᠡᠷᠡᠭᠦᠯᠵᠦ᠂ ᠲᠣᠭᠲᠠᠴᠠ ᠪᠠᠨ ᠰᠢᠯᠢᠳᠡᠭᠵᠢᠭᠦᠯᠤᠨ᠂ ᠬᠠᠮᠵᠢᠯᠴᠠᠨ ᠪᠣᠭᠤᠮᠲᠠ ᠰᠢᠪᠲᠤᠯᠬᠤ ᠬᠡᠷᠡᠭᠲᠡᠢ᠃ ᠪᠠᠶᠢᠯᠳᠤᠬᠤ | ᠪᠤᠳᠤᠯᠭ᠎ᠠ ᠶᠢᠨ ᠲᠥᠯᠥᠪᠵᠢᠭᠦᠯᠭᠡ ᠪᠠ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ | ᠤᠳᠤᠷᠢᠳᠤᠮᠵᠢ ᠶᠢ ᠪᠠᠷᠢᠮᠲᠠᠯᠠᠵᠤ᠂ ᠮᠠᠨ ᠤ ᠤᠯᠤᠰ ᠤᠨ ᠠᠵᠤ ᠦᠢᠯᠡᠰ᠂ ᠠᠵᠤ ᠠᠬᠤᠢ ᠪᠠ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ | ᠬᠦᠷᠢᠶ᠎ᠡ ᠨᠦᠭᠦᠳ ᠵᠢᠴᠢ ᠴᠢᠬᠤᠯᠠ ᠶᠡᠭᠡ ᠡᠭᠦᠷᠭᠡ ᠶᠢ ᠤᠨᠢᠯᠠᠨ᠂ ᠭᠤᠣᠯ ᠰᠢᠪᠲᠤᠯᠬᠤ ᠴᠢᠭᠯᠡᠯ ᠪᠠ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠴᠡᠭ ᠢ | ᠲᠣᠳᠣᠷᠬᠠᠶᠢᠯᠠᠵᠤ᠂ ᠤᠷᠢᠳ ᠢᠶᠠᠷ ᠬᠥᠭᠵᠢᠬᠦ ᠳᠠᠪᠠᠭᠤᠯᠢᠭ ᠲᠠᠢ ᠵᠠᠩᠭᠢᠯᠠᠭ᠎ᠠ ᠶᠢᠨ ᠮᠡᠷᠭᠡᠵᠢᠯ ᠪᠠ ᠢᠷᠡᠭᠡᠳᠦᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠰᠠᠭᠤᠷᠢ | ᠬᠤᠰᠢᠭᠤᠷᠠᠯ ᠮᠡᠷᠭᠡᠵᠢᠯ ᠢ ᠭᠤᠣᠯᠳᠠᠯᠭ᠎ᠠ ᠲᠠᠢ ᠰᠤᠳᠤᠯᠤᠨ ᠨᠡᠭᠡᠬᠡᠬᠦ ᠭᠡᠷᠡᠭᠳᠠᠢ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠡᠷᠬᠡ ᠰᠦᠷᠲᠦ ᠰᠢᠢᠳᠪᠦᠷᠢᠲᠦ ᠪᠤᠳᠤᠯᠭ᠎ᠠ ᠶᠢᠨ ᠵᠢᠯᠣᠭᠤᠳᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠠᠮᠵᠢᠯᠴᠠᠨ ᠪᠣᠭᠤᠮᠲᠠ ᠰᠢᠪᠲᠤᠯᠬᠤ | ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠣᠯᠤᠨ ᠰᠢᠨ᠎ᠡ ᠶᠢ ᠡᠭᠦᠳᠬᠦ | ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠵᠤ᠂ ᠬᠦᠷᠢᠶ᠎ᠡ ᠰᠤᠨᠳᠠᠯᠠᠵᠦ ᠰᠢᠨᠵᠢᠯᠡᠭᠡᠨ ᠤ ᠰᠠᠯᠠᠭ᠎ᠠ ᠰᠤᠨᠳᠠᠯᠠᠵᠦ ᠬᠠᠮᠵᠢᠯᠴᠠᠨ ᠪᠣᠭᠤᠮᠲᠠ ᠰᠢᠪᠲᠤᠯᠬᠤ ᠶᠢ | ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ ᠰᠢᠨ᠎ᠡ ᠶᠢ | ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠺᠠᠳᠧᠮᠢᠴᠢ ᠪᠣᠯ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠ ᠢᠨᠵᠧᠨᠧᠷᠢᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠷᠢᠶᠡᠨ ᠳᠠᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠴᠣᠯᠠ ᠮᠥᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠥᠨᠳᠥᠷ | ᠲᠦᠪᠰᠢᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠺᠠᠳᠧᠮᠢᠴᠢ ᠶᠢ ᠰᠢᠯᠢᠨ ᠰᠣᠩᠭᠤᠵᠤ ᠬᠢᠨᠠᠨ ᠲᠣᠭᠲᠠᠭᠠᠬᠤ ᠲᠣᠭᠲᠡᠴᠡ ᠶᠢ ᠲᠡᠭᠦᠯᠳᠡᠷᠵᠢᠭᠦᠯᠬᠦ᠂ | ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠳᠠ ᠶᠢ ᠰᠢᠯᠢᠳᠡᠭᠵᠢᠭᠦᠯᠬᠦ᠂ ᠠᠵᠢᠯ ᠠᠴᠠ ᠪᠠᠨ ᠠᠮᠠᠷᠠᠵᠤ ᠤᠬᠤᠷᠢᠨ ᠭᠠᠷᠬᠤ ᠲᠦᠷᠢᠮ ᠢ ᠬᠡᠷᠡᠭᠵᠢᠭᠦᠯᠬᠦ᠂ ᠰᠤᠷᠳᠠᠯ ᠪᠠ | ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠠᠺᠠᠳᠧᠮᠢᠴᠢ ᠶᠢᠨ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠠᠬᠢᠭᠤᠯᠪᠠ᠃ ᠴᠢᠬᠤᠯᠠ | ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠪᠠ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠳᠤᠮᠳᠠ ᠠᠴᠠ ᠠᠺᠠᠳᠧᠮᠢᠴᠢ ᠶᠢ ᠰᠢᠯᠢᠨ ᠰᠣᠩᠭᠤᠬᠤ ᠶᠢ | ᠴᠢᠬᠤᠯᠠᠴᠢᠯᠠᠵᠤ᠂ ᠴᠢᠬᠤᠯᠠ ᠶᠡᠭᠡ ᠬᠤᠪᠢ ᠨᠡᠮᠡᠷᠢ᠂ ᠡᠷᠳᠡᠮ ᠰᠢᠨᠵᠢᠯᠡᠭᠡᠨ ᠤ ᠲᠦᠪᠰᠢᠨ᠂ ᠶᠣᠰᠣ ᠮᠣᠷᠠᠯ ᠰᠤᠷᠳᠠᠯ ᠰᠠᠬᠢᠯᠭ᠎ᠠ ᠪᠠᠷ ᠪᠠᠷᠢᠮᠵᠢᠶ᠎ᠠ ᠪᠣᠯᠭᠠᠵᠤ᠂ ᠨᠡᠮᠡᠵᠦ | ᠰᠣᠩᠭᠤᠬᠤ ᠳᠤᠮᠳᠠᠬᠢ ᠲᠥᠪ ᠪᠤᠰᠤ ᠰᠤᠷᠲᠠᠯ ᠢ ᠰᠡᠷᠭᠡᠶᠢᠯᠡᠬᠦ ᠬᠡᠷᠡᠭᠲᠡᠢ᠃ ᠬᠥᠲᠥᠯᠥᠨ ᠵᠢᠯᠣᠭᠤᠳᠴᠦ ᠵᠢᠷᠤᠮᠵᠢᠭᠤᠯᠬᠤ ᠢ ᠴᠢᠩᠭᠠᠳᠬᠠᠵᠤ᠂ ᠠᠺᠠᠳᠧᠮᠢᠴᠢ ᠶᠢᠨ ᠨᠢᠭᠡ | ᠰᠡᠳᠭᠢᠯ ᠨᠢᠭᠡ ᠵᠣᠷᠢᠭ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠷᠳᠡᠮ ᠰᠢᠨᠵᠢᠯᠡᠭᠡᠨ ᠤ ᠰᠤᠷᠲᠠᠯ ᠪᠠ | ᠠᠵᠢᠯ ᠤᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ᠂ ᠡᠷᠳᠡᠮ ᠰᠢᠨᠵᠢᠯᠡᠭᠡᠨ ᠤ ᠪᠤᠰᠤ ᠬᠦᠴᠦᠨ ᠵᠦᠶ᠋ᠯ ᠤᠨ ᠬᠠᠷᠰᠢᠯᠠᠯ ᠢ ᠠᠷᠢᠯᠭᠠᠬᠤ ᠬᠡᠷᠡᠭᠲᠡᠶ᠃ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠠᠺᠠᠳᠧᠮᠢᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠪᠠ ᠡᠷᠳᠡᠮ ᠰᠢᠨᠵᠢᠯᠡᠭᠡᠨ ᠤ ᠵᠢᠷᠤᠮᠵᠢᠯ ᠤᠨ | ᠬᠠᠷᠢᠭᠤᠴᠠᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠡᠷᠳᠡᠮ ᠰᠢᠨᠵᠢᠯᠡᠭᠡᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ᠃ ᠥᠷᠭᠡᠨ ᠤᠯᠠᠨ ᠠᠺᠠᠳᠧᠮᠢᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ | ᠤᠯᠤᠰ ᠤᠨ ᠪᠠᠴᠢᠮ ᠬᠦᠴᠢᠷ ᠠᠶᠤᠯ ᠲᠠᠢ ᠬᠦᠨᠳᠦ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ᠂ | ᠴᠢᠬᠤᠯᠠ ᠶᠡᠭᠡ ᠤᠤᠭᠠᠯ ᠡᠭᠦᠳᠦᠯᠲᠡ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠰᠢᠢᠳᠪᠦᠷᠢᠯᠡᠬᠦ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ ᠡᠷᠳᠡᠮ | ᠰᠢᠨᠵᠢᠯᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ | ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠤᠳᠤᠯᠭ᠎ᠠ᠂ ᠤᠯᠤᠰ ᠤᠨ ᠡᠬᠢ ᠪᠠᠶᠠᠯᠢᠭ ᠤᠨ ᠠᠮᠤᠷ | ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ | ᠡᠭᠦᠷᠭᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠤᠨ | ᠬᠡᠷᠡᠭᠵᠢᠭᠦᠯᠵᠦ᠂ ᠡᠨᠧᠷᠭᠢ᠂ ᠤᠰᠤ᠂ ᠭᠠᠵᠠᠷ ᠰᠢᠷᠣᠢ ᠶᠢ ᠠᠰᠢᠭᠯᠠᠬᠤ ᠡᠷᠴᠢᠮ ᠢ ᠶᠡᠭᠡ ᠪᠠᠷ ᠪᠠᠭᠤᠷᠠᠭᠤᠯᠤᠨ᠂ ᠣᠷᠴᠢᠯᠳᠤ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠨᠡᠶᠢᠭᠡᠮ ᠳᠠᠶᠠᠭᠠᠷ ᠲᠤ ᠰᠠᠶᠢᠲᠤᠷ ᠠᠷᠪᠢᠯᠠᠨ ᠭᠠᠮᠨᠠᠬᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠶᠢ ᠰᠠᠨᠠᠭᠠᠴᠢᠯᠠᠵᠤ᠂ ᠡᠬᠢ ᠪᠠᠶᠠᠯᠢᠭ ᠢ ᠠᠷᠪᠢᠯᠠᠨ | ᠭᠠᠮᠨᠠᠵᠤ ᠥᠨᠳᠥᠷ ᠪᠦᠲᠦᠮᠵᠢᠲᠡᠢ ᠪᠠᠷ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠂ ᠢᠳᠡᠪᠬᠢᠲᠡᠢ ᠦᠷ᠎ᠡ ᠪᠦᠲᠦᠮᠵᠢ ᠤᠯᠪᠠ᠃ ᠡᠨᠧᠷᠭᠢ᠂ ᠠᠵᠤ ᠦᠢᠯᠡᠳᠪᠦᠷᠢ᠂ | ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠡᠬᠢ ᠪᠠᠶᠠᠯᠢᠭ ᠢ ᠠᠷᠪᠢᠯᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠦᠢᠯᠡᠳᠪᠦᠷᠢᠯᠡᠯ ᠤᠨ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠨ᠂ ᠠᠷᠪᠢᠲᠠᠢ ᠭᠠᠮᠲᠠᠢ | ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠵᠦ᠂ | ᠱᠠᠯᠢᠨ ᠪᠦᠷᠢᠯᠭᠡᠬᠦ ᠪᠠ ᠬᠡᠲᠦᠷᠡᠲᠡᠯ᠎ᠡ ᠬᠡᠷᠡᠭᠯᠡᠬᠦ ᠶᠢ ᠡᠰᠡᠷᠭᠦᠴᠡᠨ᠂ ᠪᠦᠬᠦ ᠠᠷᠠᠳ ᠤᠨ ᠠᠷᠪᠢᠯᠠᠨ ᠭᠠᠮᠨᠠᠬᠤ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ | ᠴᠢᠷᠮᠠᠶᠢᠨ ᠪᠤᠢ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ ᠠᠷᠭ᠎ᠠ ᠪᠠᠷᠢᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠡᠬᠢ ᠪᠠᠶᠠᠯᠢᠭ ᠤᠨ | ᠬᠤᠮᠰᠠᠳᠠᠯ ᠤᠨ ᠬᠡᠮᠵᠢᠶ᠎ᠡ᠂ ᠠᠮᠢ ᠠᠬᠤᠢ ᠶᠢᠨ ᠬᠤᠬᠢᠷᠠᠯ ᠤᠨ ᠥᠪᠡᠷ ᠤᠨ ᠦᠷᠳᠡᠭ᠂ ᠣᠷᠴᠢᠨ ᠲᠤᠭᠤᠷᠢᠨ ᠤ ᠪᠣᠬᠢᠷᠲᠤᠯ ᠤᠨ ᠦᠨ᠎ᠡ ᠲᠦᠯᠦᠪᠦᠷᠢ ᠶᠢ ᠢᠯᠡᠷᠡᠭᠦᠯᠬᠦ | ᠡᠬᠢ ᠪᠠᠶᠠᠯᠢᠭ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ | ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ᠂ ᠤᠰᠤᠨ ᠤ ᠬᠤᠷᠣᠭᠳᠠᠭᠤᠯᠤᠯ᠂ ᠪᠣᠳᠠᠰ ᠤᠨ ᠬᠤᠷᠣᠭᠳᠠᠭᠤᠯᠤᠯ ᠤᠨ ᠪᠠᠷᠢᠮᠵᠢᠶ᠎ᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠ ᠠᠷᠪᠢᠲᠠᠢ ᠪᠥᠭᠡᠳ ᠥᠨᠳᠥᠷ | ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠠᠰᠢᠭᠯᠠᠬᠤ ᠪᠠ ᠠᠷᠪᠢᠯᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ᠂ ᠪᠦᠬᠦᠯᠢ ᠴᠣᠭᠴᠠ ᠪᠠ | ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠤᠷᠳᠤ ᠬᠤᠭᠤᠴᠠᠭᠠᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ | ᠪᠠᠷᠢᠮᠲᠠᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠪᠠᠷᠠᠬᠤ | ᠦᠭᠡᠢ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ | ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠠᠬᠢᠭᠤᠯᠬᠤ ᠨᠢ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠯ᠎ᠡ ᠲᠠᠯ᠎ᠠ ᠶᠢᠨ | ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠲᠤᠬᠢᠷᠠᠭᠤᠯᠤᠯᠲᠠ ᠮᠦᠨ᠂ ᠡᠷᠬᠡᠪᠰᠢ ᠪᠣᠯᠭᠤᠮᠵᠢᠲᠠᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠲᠤᠷᠰᠢᠯᠲᠠ ᠶᠢᠨ ᠴᠡᠭ ᠤᠨ ᠰᠢᠶᠠᠨ ︵ᠬᠤᠲᠠ᠂ ᠲᠣᠭᠤᠷᠢᠭ︶ ᠤ ᠲᠤᠭ᠎ᠠ ᠬᠡᠮᠵᠢᠶ᠎ᠡ ᠶᠢ ᠯᠠᠪᠳᠠᠭᠤᠨ ᠡᠵᠡᠮᠳᠡᠵᠦ ᠳᠡᠶᠢᠯᠬᠦ ᠬᠡᠷᠡᠭᠲᠡᠶ᠃ ᠠᠳᠠᠯᠢ ᠭᠠᠵᠠᠷ ᠲᠤ ᠠᠳᠠᠯᠢ | ᠡᠷᠬᠡ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠲᠥᠯᠥᠪᠵᠢᠭᠦᠯᠭᠡ ᠳᠤ ᠨᠡᠶᠢᠴᠡᠬᠦ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠬᠠᠤᠯᠢ ᠶᠣᠰᠣᠭᠠᠷ | ᠣᠯᠤᠭᠰᠠᠨ ᠤᠷᠢᠲᠠᠯ ᠳᠣᠣᠷ᠎ᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ | ᠤᠯᠤᠰ ᠤᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠲᠠᠢ ᠠᠳᠠᠯᠢ ᠲᠡᠭᠰᠢ ᠪᠠᠷ ᠵᠠᠬ᠎ᠠ ᠳᠡᠯᠭᠡᠭᠦᠷ ᠲᠤ ᠣᠷᠣᠭᠤᠯᠬᠤ᠂ ᠠᠳᠠᠯᠢ ᠡᠷᠬᠡ ᠠᠳᠠᠯᠢ | ᠦᠨ᠎ᠡ ᠲᠠᠢ ᠪᠠᠶᠢᠯᠭᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ | ᠠᠷᠠᠯᠵᠢᠶᠠᠯᠠᠵᠤ᠂ ᠠᠳᠠᠯᠢ ᠲᠦᠷᠢᠮ ᠢ ᠬᠡᠷᠡᠭᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃ ᠭᠠᠵᠠᠷ ᠰᠢᠷᠣᠶ ᠶᠢ ᠠᠷᠪᠢᠲᠠᠶ | ᠡᠷᠴᠢᠮᠯᠢᠭ ᠬᠡᠷᠡᠭᠯᠡᠬᠦ ᠶᠢ ᠪᠠᠷᠢᠮᠲᠠᠯᠠᠵᠤ᠂ ᠤᠷᠢᠳ ᠢᠶᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠡᠯ᠎ᠡ ᠬᠡᠷᠡᠭᠯᠡᠭᠡᠨ ᠤ ᠭᠠᠵᠠᠷ | ᠰᠢᠷᠣᠶ ᠶᠢ ᠵᠦᠶ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠲᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠶᠢ ᠴᠢᠩᠭ᠎ᠠ ᠰᠠᠬᠢᠵᠤ᠂ ᠦᠨᠢᠳᠠ ᠶᠢᠨ | ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ | ᠬᠢᠵᠠᠭᠠᠷ ᠵᠡᠷᠭᠡ ᠣᠷᠣᠨ ᠵᠠᠢ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ᠂ | ᠠᠵᠢᠯᠲᠠᠨ ᠤ ᠡᠩᠨᠡᠭᠡ ᠶᠢᠨ ᠪᠠᠶᠢᠭᠤᠯᠤᠯᠲᠠ᠂ ᠪᠠᠶᠢᠭᠤᠯᠤᠮᠵᠢ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠯᠢ ᠣᠯᠠᠨ ᠠᠷᠭ᠎ᠠ | ᠬᠡᠮᠵᠢᠶ᠎ᠡ ᠠᠪᠴᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠴᠢᠨ | ᠲᠦᠮᠡᠨ ᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠰᠢᠶᠠᠨ ᠤ | ᠬᠡᠪᠴᠢᠶᠡᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ | ᠭᠤᠣᠯᠳᠠᠯᠭ᠎ᠠ ᠲᠠᠢ ᠴᠢᠩᠭᠠᠳᠬᠠᠵᠤ᠂ ᠬᠥᠳᠡᠭᠡ ᠲᠣᠰᠬᠤᠨ ᠤ ᠡᠮ ᠡᠮᠨᠡᠯᠭᠡ ᠶᠢᠨ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠴᠢᠳᠠᠪᠤᠷᠢᠲᠠᠨ ᠢ | ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠪᠠ | ᠣᠯᠭᠤᠮᠵᠢ ᠶᠢᠨ ᠪᠠᠲᠤᠯᠠᠭ᠎ᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠲᠤᠰᠬᠠᠶᠢᠵᠢᠭᠰᠠᠨ᠂ ᠵᠢᠷᠤᠮᠵᠢᠭᠰᠠᠨ ᠬᠥᠳᠡᠭᠡ | ᠲᠣᠰᠬᠤᠨ ᠤ ᠡᠮᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠴᠢᠳᠠᠮᠵᠢ ᠶᠢ ᠴᠢᠩᠭᠠᠳᠬᠠᠵᠤ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠷᠬᠡᠭ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ | ᠲᠦᠷᠭᠡᠳᠭᠡᠨ ᠪᠠᠶᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | |