ᠰᠢ ᠶᠢᠨ ᠫᠢᠩ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠰᠢᠯᠢᠳᠡᠭ ᠪᠠᠭᠰᠢ ᠶᠢᠨ ᠲᠥᠯᠥᠪᠯᠡᠭᠡ︾ ᠶᠢᠨ ᠪᠠᠭᠰᠢ ᠶᠢᠨ ᠮᠡᠷᠭᠡᠵᠢᠯ ᠤᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠡᠭᠡ ᠤᠯᠤᠰ ᠪᠣᠯᠤᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ ᠨᠠᠮ ᠪᠣᠯᠤᠨ ᠠᠷᠠᠳ ᠲᠦᠮᠡᠨ ᠤ ᠰᠡᠳᠭᠢᠯ ᠬᠠᠨᠤᠮᠵᠢᠳᠠᠢ ︽ᠲᠥᠷᠪᠡ ᠪᠠᠶᠢᠬᠤ︾ ᠰᠠᠶᠢᠨ ᠪᠠᠭᠰᠢ ᠪᠣᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ
ᠨᠡᠶᠢᠲᠡᠯᠡᠭᠰᠡᠨ ᠴᠠᠭ᠄
2022/9/9
     ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ ᠪᠠᠶᠠᠷ ᠤᠨ ᠡᠳᠦᠷ ᠤᠨ ᠵᠥᠡᠭᠨᠠᠯ ᠳᠡᠪᠰᠢᠭᠦᠯᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 8 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 7 ᠤ ᠡᠳᠦᠷ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠰᠢᠯᠢᠳᠡᠭ ᠪᠠᠭᠰᠢ ᠶᠢᠨ ᠲᠥᠯᠥᠪᠯᠡᠭᠡ︾ ᠶᠢᠨ ᠪᠠᠭᠰᠢ ᠶᠢᠨ ᠮᠡᠷᠭᠡᠵᠢᠯ ᠤᠨ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠤᠢ ᠪᠣᠯᠤᠨ ᠭᠤᠴᠢᠨ ᠨᠠᠢᠮᠠᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠤᠰ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠳᠠᠳ᠂ ᠥᠷᠭᠡᠨ ᠤᠯᠠᠨ ᠰᠤᠷᠤᠯᠭ᠎ᠠ ᠶᠢᠨ ᠬᠠᠨᠢᠳᠠᠨ ᠨᠠᠷ ᠲᠤ ᠪᠠᠶᠠᠷ ᠬᠦᠷᠭᠡᠵᠦ ᠮᠡᠨᠳᠦᠴᠢᠯᠡᠵᠥ ᠪᠠᠶᠢᠬᠤ ᠪᠠᠨ ᠢᠯᠡᠳᠬᠡᠵᠥ᠂ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃     ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠰᠤᠷᠭᠠᠭᠤᠯᠢ ᠳᠤ ᠤᠷᠤᠭᠰᠠᠨ ᠨᠢᠭᠡ ᠵᠢᠯ ᠤᠨ ᠲᠤᠷᠰᠢ ᠲᠠ ᠨᠠᠷ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠪᠠ ᠰᠤᠷᠭᠠᠨ ᠬᠥᠮᠦᠵᠢᠯ ᠢ ᠳᠡᠮᠵᠢᠬᠦ ᠦᠢᠯᠡᠳᠦᠯᠭᠡ ᠪᠠᠷ ᠳᠠᠮᠵᠢᠨ ᠡᠷᠳᠡᠮ ᠮᠡᠳᠡᠯᠭᠡ ᠪᠠᠨ ᠨᠡᠮᠡᠭᠳᠡᠭᠦᠯᠵᠦ᠂ ᠬᠠᠷᠠᠭ᠎ᠠ ᠪᠠᠨ ᠥᠷᠭᠡᠳᠭᠡᠨ᠂ ᠦᠨᠳᠦᠰᠦᠨ ᠱᠠᠲᠤᠨ ᠳᠤ ᠬᠦᠷᠴᠦ ᠪᠢᠴᠢᠭ ᠵᠢᠭᠠᠵᠤ ᠬᠥᠮᠦᠨ ᠬᠥᠮᠦᠵᠢᠭᠦᠯᠬᠦ ᠢᠲᠡᠭᠡᠯ ᠵᠣᠷᠢᠭ ᠢᠶᠠᠨ ᠪᠠᠲᠤᠳᠬᠠᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃      ᠰᠢ ᠶᠢᠨ ᠫᠢᠩ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠪᠣᠯ ᠮᠠᠨ ᠤ ᠤᠯᠤᠰ ᠤᠨ ᠤᠳᠤ ᠦᠶ᠎ᠡ ᠶᠢᠨ ᠬᠠᠮᠤᠭ ᠤᠨ ᠡᠷᠲᠡ ᠪᠠᠶᠢᠭᠤᠯᠤᠭᠳᠠᠭᠰᠠᠨ ᠪᠠᠭᠰᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠪᠠᠶᠢᠵᠥ᠂ ᠤᠯᠤᠰ ᠲᠤ ᠨᠢᠭᠡ ᠪᠦᠯᠦᠭ ᠰᠢᠯᠢᠳᠡᠭ ᠪᠠᠭᠰᠢ ᠶᠢ ᠬᠥᠮᠦᠵᠢᠭᠦᠯᠵᠦ ᠥᠭᠴᠡᠢ᠃ ᠲᠠ ᠨᠠᠷ ᠤᠨ ︽ᠡᠷᠳᠡᠮ ᠮᠡᠳᠡᠯᠭᠡ ᠶᠢ ᠡᠷᠬᠢᠮᠯᠡᠨ ᠬᠦᠮᠦᠨ ᠬᠦᠮᠦᠵᠢᠬᠦᠯᠵᠥ᠂ ᠳᠦᠷᠢ ᠳᠦᠷᠬᠦ ᠶᠢ ᠱᠤᠭᠤᠨ ᠬᠡᠪ ᠳᠠᠭᠤᠷᠢᠶᠠᠯ ᠪᠣᠯᠬᠤ︾ ᠭᠡᠬᠦ ᠰᠤᠷᠭᠠᠭᠤᠯᠢ ᠶᠢᠨ ᠰᠤᠷᠭᠠᠯ ᠢᠶᠠᠨ ᠦᠷᠭᠦᠯᠵᠢᠯᠡᠨ ᠪᠠᠷᠢᠮᠲᠠᠯᠠᠵᠤ᠂ ᠴᠠᠭ ᠮᠥᠴᠡ ᠶᠢ ᠨᠠᠨᠳᠢᠩᠨᠠᠵᠤ᠂ ᠰᠢᠷᠭᠠᠭᠤ ᠰᠤᠷᠤᠯᠴᠠᠵᠤ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠷᠳᠡᠮ ᠮᠡᠳᠡᠯᠭᠡ ᠤᠯᠠᠮᠵᠢᠯᠠᠵᠤ ᠲᠥᠭᠡᠷᠢᠭᠳᠡᠯ ᠢ ᠠᠷᠢᠯᠭᠠᠬᠤ ᠴᠢᠳᠠᠪᠤᠷᠢ ᠪᠠᠨ ᠨᠡᠮᠡᠭᠳᠡᠭᠦᠯᠵᠦ᠂ ᠲᠡᠭᠦᠰᠦᠭᠰᠡᠨ ᠤ ᠪᠠᠨ ᠳᠠᠷᠠᠭ᠎ᠠ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ᠂ ᠨᠠᠮ ᠪᠠ ᠠᠷᠠᠳ ᠲᠦᠮᠡᠨ ᠤ ᠰᠡᠳᠭᠢᠯ ᠬᠠᠨᠤᠮᠵᠢᠲᠠᠢ ︽ᠬᠦᠰᠡᠯᠡᠩ ᠲᠠᠢ᠂ ᠶᠤᠰᠤ ᠮᠤᠷᠠᠯ ᠲᠠᠢ᠂ ᠰᠤᠶᠤᠯ ᠪᠤᠯᠪᠠᠰᠤᠷᠠᠯ ᠲᠠᠢ᠂ ᠰᠠᠬᠢᠯᠭ᠎ᠠ ᠪᠠᠲᠤ ᠲᠠᠢ︾ ᠰᠠᠶᠢᠨ ᠪᠠᠭᠰᠢ ᠪᠣᠯᠬᠤ ᠪᠠᠷ ᠴᠢᠷᠮᠠᠶᠢᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      2021 ᠣᠨ ᠠᠴᠠ ᠡᠬᠢᠯᠡᠨ᠂ ᠤᠯᠤᠰ ᠠᠴᠠ ︽ᠳᠤᠮᠳᠠ ᠪᠠᠷᠠᠭᠤᠨ ᠤᠷᠤᠨ ᠤ ᠬᠥᠭᠵᠢᠭᠡᠳᠦᠶ ᠭᠠᠵᠠᠷ ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ ᠲᠥᠯᠥᠪᠯᠡᠭᠡ︾ ︵︽ᠰᠢᠯᠢᠳᠡᠭ ᠪᠠᠭᠰᠢ ᠶᠢᠨ ᠲᠥᠯᠥᠪᠯᠡᠭᠡ︾ ᠭᠡᠵᠦ ᠲᠣᠪᠴᠢᠯᠠᠪᠠ︶ ᠶᠢ ᠡᠬᠢᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠣᠯᠤᠨ ᠣᠷᠣᠨ ᠨᠤᠲᠤᠭ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠠᠴᠠ ᠬᠠᠨᠳᠤᠯᠭᠠᠲᠤ ᠠᠷᠭ᠎ᠠ ᠮᠠᠶ᠋ᠢᠭ ᠠᠪᠴᠤ᠂ ᠵᠢᠯ ᠪᠦᠷᠢ 832 ᠶᠠᠳᠠᠭᠤ ᠠᠴᠠ ᠠᠩᠭᠢᠵᠢᠷᠠᠭᠰᠠᠨ ᠰᠢᠶᠠᠨ ᠪᠠ ᠳᠤᠮᠳᠠ ᠪᠠᠷᠠᠭᠤᠨ ᠣᠷᠣᠨ ᠤ ᠡᠬᠡ ᠬᠠᠭᠤᠷᠠᠶ ᠶᠢᠨ ᠬᠢᠯᠢ ᠬᠢᠵᠠᠭᠠᠷ ᠤᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ 1 ᠲᠦᠮᠡ ᠰᠢᠬᠠᠮ ᠪᠠᠭᠰᠢ ᠶᠢᠨ ᠮᠡᠷᠭᠡᠵᠢᠯ ᠤᠨ ᠰᠣᠷᠣᠭᠴᠢ ᠬᠥᠮᠦᠵᠢᠭᠦᠯᠦᠨ ᠦᠭᠴᠦ ᠪᠠᠶᠢᠨ᠎ᠠ᠃ ᠣᠶᠢᠷ᠎ᠠ ᠳᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠰᠢᠯᠢᠳᠡᠭ ᠪᠠᠭᠰᠢ ᠶᠢᠨ ᠲᠥᠯᠥᠪᠯᠡᠭᠡ︾ ᠶᠢᠨ ᠪᠠᠭᠰᠢ ᠶᠢᠨ ᠮᠡᠷᠭᠡᠵᠢᠯ ᠤᠨ ᠰᠤᠷᠤᠭᠴᠢᠳ ᠤᠨ ᠲᠥᠯᠥᠭᠡᠯᠡᠭᠴᠢ ᠠᠴᠠ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠰᠤᠷᠭᠠᠭᠤᠯᠢ ᠳᠤ ᠤᠷᠤᠭᠰᠠᠨ ᠠᠴᠠ ᠨᠠᠭᠠᠰᠢᠬᠢ ᠰᠤᠷᠤᠯᠭ᠎ᠠ ᠶᠢᠨ ᠣᠯᠤᠯᠲᠠ ᠪᠠᠨ ᠬᠠᠷᠢᠭᠤ ᠮᠡᠳᠡᠭᠦᠯᠵᠦ᠂ ᠲᠡᠭᠦᠰᠦᠭᠰᠡᠨ ᠤ ᠳᠠᠷᠠᠭ᠎ᠠ ᠦᠨᠳᠦᠰᠦᠨ ᠱᠠᠲᠤᠨ ᠳᠤ ᠦᠨᠳᠦᠰᠦᠯᠡᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠵᠣᠷᠢᠭ ᠢᠶᠠᠨ ᠢᠯᠡᠳᠭᠡᠭᠰᠡᠨ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ