ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/9
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠠᠵᠢᠯ ᠣᠯᠭᠤᠯᠲᠠ ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃      ᠬᠡᠰᠡᠭ ᠬᠦᠷᠢᠶᠡᠨ ᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠡᠳ᠋ ᠤᠨ ᠵᠠᠰᠠᠭ ᠤᠨ ᠳᠠᠮ ᠬᠦᠦ ᠥᠭᠬᠦ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠬᠤ ᠳᠤ ᠭᠤᠣᠯ ᠳᠠᠶᠢᠴᠢᠯᠠᠬᠤ ᠦᠢᠯᠡᠳᠦᠯ ᠦᠵᠡᠭᠦᠯᠦᠨ᠎ᠡ᠃      ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠲᠤ ᠦᠶᠡᠴᠢ ᠴᠢᠨᠠᠷᠲᠠᠢ ᠪᠠᠷ ᠳᠡᠮᠵᠢᠬᠦ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃      ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃        ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 7 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠬᠤ ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠬᠡᠰᠡᠭ ᠬᠦᠷᠢᠶᠡᠨ ᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠡᠳ᠋ ᠤᠨ ᠵᠠᠰᠠᠭ ᠤᠨ ᠳᠠᠮ ᠬᠦᠦ ᠥᠭᠬᠦ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠬᠤ ᠳᠤ ᠭᠤᠣᠯ ᠳᠠᠶᠢᠴᠢᠯᠠᠬᠤ ᠦᠢᠯᠡᠳᠦᠯ ᠦᠵᠡᠭᠦᠯᠦᠨ᠎ᠡ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠲᠤ ᠦᠶᠡᠴᠢ ᠴᠢᠨᠠᠷᠲᠠᠢ ᠳᠡᠮᠵᠢᠬᠦ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ︔ ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠳᠠᠯ ᠦᠢᠯᠡᠰ ᠴᠣᠭᠴᠠᠯᠠᠬᠤ ᠨᠢ ᠨᠡᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ ᠳᠠᠶᠢᠴᠢᠯᠠᠬᠤ ᠶᠢ ᠪᠤᠶ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠨᠢ ᠭᠤᠣᠯᠳᠠᠭᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠨᠢᠭᠡ ᠳᠤ᠂ ᠠᠵᠢᠯ ᠢ ᠨᠢ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠦᠯᠡᠳᠡᠪᠦᠷᠢ ᠶᠢ 24 ᠰᠠᠷ᠎ᠠ ᠪᠠᠶᠢᠭᠰᠠᠨ ᠠᠴᠠ ᠨᠢ 18 ᠰᠠᠷ᠎ᠠ ᠪᠣᠯᠲᠠᠯ᠎ᠠ ᠠᠭᠤᠵᠢᠭᠤ ᠲᠠᠯᠪᠢᠨ᠎ᠠ᠃ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠳᠤ ᠣᠷᠣᠭᠤᠯᠤᠨ᠎ᠠ᠃ ᠠᠵᠢᠯ ᠠᠯᠳᠠᠭᠰᠠᠳ ᠲᠤ ᠴᠠᠭ ᠲᠤᠬᠠᠢ ᠳᠤ ᠨᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠨ᠎ᠠ᠃ ᠬᠦᠴᠦ ᠶᠠᠪᠤᠭᠴᠢ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢ ᠨᠢ ᠲᠣᠭᠲᠠᠭᠤᠨ ᠪᠠᠶᠢᠯᠭᠠᠨ᠎ᠠ᠃ ᠬᠤᠶᠠᠷ ᠲᠤ᠂ ᠲᠠᠪᠴᠠᠩ ᠤᠨ ᠠᠵᠤ ᠠᠬᠤᠢ ᠶᠢᠨ ᠲᠣᠭᠲᠠᠭᠤᠨ ᠠᠵᠢᠯ ᠣᠯᠭᠤᠯᠲᠠ ᠶᠢ ᠳᠡᠮᠵᠢᠨ᠎ᠡ᠃ ᠲᠠᠪᠴᠠᠩ ᠳᠤ ᠲᠦᠰᠢᠭᠯᠡᠨ ᠠᠮᠢᠳᠤᠯᠢᠭ ᠢᠶᠠᠷ ᠠᠵᠢᠯ ᠣᠯᠣᠭᠰᠠᠨ ᠬᠦᠴᠢᠷᠳᠡᠯ ᠲᠠᠢ ᠬᠥᠮᠥᠰ᠂ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠲᠤᠰᠬᠠᠢ ᠵᠦᠢᠯ ᠤᠨ ᠵᠢᠭᠡᠯᠡᠯᠭᠡ ᠪᠠᠷ ᠲᠠᠪᠴᠠᠩ ᠤᠨ ᠠᠵᠤ ᠠᠬᠤᠶᠢᠯᠠᠯ ᠢ ᠳᠡᠮᠵᠢᠨ᠎ᠡ᠃ ᠭᠤᠷᠪᠠ ᠳᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠠᠪᠤᠭᠴᠢ ᠬᠢᠵᠢᠭ ᠤᠨ ᠪᠠᠶᠢᠳᠠᠯ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠲᠥᠯᠥᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠣᠨ᠎ᠠ᠃ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠲᠠᠯᠪᠢᠬᠤ ᠠᠩᠬᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ᠂ ᠦᠷᠭᠦᠯᠵᠢᠯᠡᠭᠰᠡᠨ ᠵᠢᠭᠡᠯᠡᠯᠭᠡ᠂ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠵᠡᠷᠭᠡ ᠶᠢ ᠨᠡᠮᠡᠭᠳᠡᠭᠦᠯᠦᠨ᠎ᠡ᠃ ᠳᠥᠷᠪᠡ ᠳᠤ᠂ ᠳᠠᠭᠠᠳᠬᠠᠯ ᠤᠨ ᠪᠡᠯᠡ ᠮᠥᠩᠭᠦ ᠵᠡᠷᠭᠡ ᠶᠢᠨ ᠬᠠᠤᠯᠢ ᠶᠣᠰᠣᠭᠠᠷ ᠪᠡᠯᠡ ᠣᠷᠣᠭᠤᠯᠤᠯᠲᠠ ᠶᠢᠨ ᠦᠢᠯᠡᠰ ᠪᠦᠲᠦᠭᠡᠬᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠣᠷᠢᠭᠵᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ ᠬᠤᠳᠠᠯᠳᠤᠬᠤ ᠬᠤᠭᠤᠴᠠᠭ᠎ᠠ ᠶᠢ ᠬᠢᠵᠠᠭᠠᠷᠯᠠᠬᠤ ᠬᠤᠭᠤᠴᠠᠭ᠎ᠠ ᠶᠢ ᠰᠢᠯᠢᠳᠡᠭᠵᠢᠭᠦᠯᠵᠦ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ ᠲᠠᠬᠢᠨ ᠪᠡᠯᠡ ᠣᠷᠣᠭᠤᠯᠬᠤ ᠳᠤ ᠳᠦᠭᠦᠮ ᠦᠵᠡᠭᠦᠯᠦᠨ᠎ᠡ᠃ ᠲᠠᠪᠤ ᠳᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠳᠤ᠂ ᠴᠢᠳᠠᠯ ᠤᠨ ᠬᠢᠷᠢ ᠪᠠᠷ ᠢᠶᠠᠨ ᠲᠠᠯᠠᠪᠤᠷ ᠭᠠᠷᠭᠠᠵᠤ ᠪᠠᠶᠢᠭᠠᠳ ᠠᠩᠬ᠎ᠠ ᠡᠭᠦᠳᠦᠭᠰᠡᠨ ᠠᠵᠤ ᠠᠬᠤᠶᠢᠯᠠᠯ ᠳᠤ ᠰᠦᠢᠳᠬᠡᠯ ᠥᠯᠥ ᠬᠤᠷᠢᠶᠠᠬᠤ ᠬᠠᠩᠭᠠᠯᠭ᠎ᠠ ᠣᠯᠭᠤᠨ᠎ᠠ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠲᠣᠪᠤᠶᠢᠮ᠎ᠠ ᠵᠥᠷᠢᠴᠡᠯ ᠪᠣᠯᠣᠨ᠎ᠠ᠂ ᠬᠡᠷᠡᠭᠯᠡᠭᠡ ᠪᠣᠯᠣᠨ ᠪᠡᠯᠡ ᠣᠷᠣᠭᠤᠯᠤᠯᠲᠠ ᠪᠠᠷ ᠬᠡᠷᠡᠭᠴᠡᠭᠡ ᠶᠢ ᠲᠠᠲᠠᠬᠤ ᠪᠠᠷ ᠬᠦᠴᠦᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠠᠬᠢᠭᠤᠯᠵᠤ᠂ ᠪᠡᠯᠡ ᠣᠷᠣᠭᠤᠯᠤᠯᠲᠠ ᠪᠠᠷ ᠬᠡᠷᠡᠭᠯᠡᠭᠡ ᠶᠢ ᠳᠠᠶᠢᠴᠢᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠶᠢ ᠳᠡᠮᠵᠢᠬᠦ ᠨᠢ ᠨᠥᠭᠡᠴᠡ ᠬᠦᠴᠦᠨ ᠢ ᠨᠡᠮᠡᠭᠳᠡᠭᠦᠯᠦᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠢᠯᠡᠳᠬᠡᠯ ᠤᠨ ᠦᠢᠯᠡᠰ ᠪᠠ ᠦᠢᠯᠡᠴᠢᠯᠡᠭᠡᠨ ᠤ ᠦᠢᠯᠡᠰ ᠤᠨ ᠪᠣᠳᠠᠲᠤ ᠬᠡᠷᠡᠭᠴᠡᠭᠡ ᠶᠢ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠳᠤ ᠠᠰᠢᠭᠲᠠᠢ ᠶᠤᠮ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠡᠮᠨᠡᠯᠭᠡ ᠶᠢᠨ ᠬᠤᠷᠢᠶ᠎ᠠ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠣᠭᠠᠴᠢᠯᠠᠯᠲᠠ ᠲᠡᠶᠢᠰᠢ ᠬᠡᠯᠪᠡᠷᠢ ᠬᠤᠪᠢᠷᠠᠭᠤᠯᠬᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠶᠢᠨ ᠪᠡᠯᠡᠳᠬᠡᠮᠵᠢ ᠬᠤᠳᠠᠯᠳᠤᠨ ᠠᠪᠬᠤ ᠪᠠ ᠰᠢᠨᠡᠳᠬᠡᠨ ᠥᠭᠡᠷᠡᠴᠢᠯᠡᠬᠦ ᠲᠠᠯ᠎ᠠ ᠪᠠᠷ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ 2.5 ᠵᠠᠭᠤᠨ ᠤ ᠴᠡᠭ ᠤᠨ ᠳᠠᠮ ᠬᠦᠦ ᠬᠠᠩᠭᠠᠵᠤ᠂ 2 ᠵᠢᠯ ᠢᠶᠠᠷ ᠬᠢᠵᠠᠭᠠᠷᠯᠠᠨ᠎ᠠ᠃ ᠳᠠᠮ ᠬᠦᠦ ᠮᠥᠩᠭᠦ ᠶᠢᠨ ᠭᠤᠶᠤᠴᠢᠯᠠᠯ ᠢ ᠡᠨᠡ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠢᠶᠠᠷ ᠬᠢᠵᠠᠭᠠᠷᠯᠠᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠬᠤᠳᠠᠯᠳᠤᠭᠠᠨ ᠤ ᠪᠠᠩᠬᠢ ᠶᠢᠨ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠳᠤ ᠦᠵᠡᠭᠦᠯᠬᠦ ᠳᠡᠮᠵᠢᠯᠭᠡ ᠶᠢ ᠬᠠᠷᠢᠴᠠᠩᠭᠤᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠪᠠ ᠪᠡᠶ᠎ᠡ ᠴᠢᠭᠢᠷᠠᠭᠵᠢᠭᠤᠯᠬᠤ᠂ ᠨᠠᠰᠤᠵᠢᠯ ᠤᠨ ᠠᠰᠠᠷᠠᠮᠵᠢ ᠪᠠ ᠬᠡᠦᠬᠡᠳ ᠰᠠᠭᠠᠲᠠᠭᠤᠯᠬᠤ᠂ ᠨᠡᠶᠢᠭᠡᠮ ᠲᠣᠭᠤᠷᠢᠭ ᠪᠠ ᠭᠡᠷ ᠠᠬᠤᠢ ᠶᠢᠨ ᠦᠢᠯᠡᠴᠢᠯᠡᠭᠡ᠂ ᠬᠤᠭᠤᠯᠠ ᠤᠮᠳᠠ ᠣᠷᠣᠨ ᠰᠠᠭᠤᠴᠠ ᠵᠡᠷᠭᠡ ᠠᠵᠢᠯ ᠲᠥᠷᠥᠯ ᠳᠤ ᠦᠵᠡᠭᠦᠯᠬᠦ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠨᠡᠶᠢᠭᠡᠮ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡ ᠪᠠ ᠪᠡᠯᠡ ᠣᠷᠣᠭᠤᠯᠤᠯᠲᠠ ᠶᠢ ᠥᠷᠭᠡᠳᠬᠡᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠣᠯ ᠴᠣᠭᠴᠠ ᠪᠣᠯᠣᠨ᠎ᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠱᠠᠲᠤ ᠦᠶᠡᠴᠢ ᠴᠢᠨᠠᠷᠲᠠᠢ ᠭᠠᠶᠢᠯᠢ ᠬᠥᠩᠭᠡᠯᠡᠬᠦ ᠲᠦᠷᠦ ᠶᠢᠨ ᠪᠣᠳᠣᠯᠭ᠎ᠠ ᠶᠢ ᠡᠨᠡ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠡᠨᠡ ᠨᠢ ᠲᠦᠭᠡᠮᠡᠯ ᠬᠠᠷᠠᠭᠠᠯᠵᠠᠯ ᠲᠠᠢ᠂ ᠡᠷᠬᠡ ᠲᠡᠭᠰᠢ᠂ ᠥᠨᠳᠥᠷ ᠦᠷ᠎ᠡ ᠠᠰᠢᠭ ᠲᠠᠢ᠂ ᠰᠢᠭᠤᠳ ᠬᠦᠷᠲᠡᠮᠵᠢᠲᠡᠢ ᠶᠤᠮ᠃ ᠨᠢᠭᠡ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠨᠡ ᠵᠢᠯ ᠤᠨ ᠳᠥᠷᠪᠡᠳᠦᠭᠡᠷ ᠤᠯᠠᠷᠢᠯ ᠳᠤ ᠬᠤᠳᠠᠯᠳᠤᠨ ᠠᠪᠬᠤ ᠲᠤᠨᠤᠭ ᠲᠥᠬᠦᠭᠡᠷᠦᠮᠵᠢ ᠶᠢᠨ ᠵᠠᠷᠤᠯᠭ᠎ᠠ ᠶᠢ ᠲᠤᠬᠠᠢ ᠶᠢᠨ ᠵᠢᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠭᠠᠶᠢᠯᠢ ᠲᠤᠰᠢᠶᠠᠬᠤ ᠠᠴᠠ ᠡᠮᠦᠨ᠎ᠡ ᠪᠦᠬᠦ ᠲᠤᠭ᠎ᠠ ᠪᠠᠷ ᠰᠠᠭᠤᠳᠬᠠᠨ ᠠᠪᠬᠤ ᠪᠠ 100% ᠪᠠᠷ ᠨᠡᠮᠡᠨ ᠪᠤᠳᠤᠵᠤ ᠰᠠᠭᠤᠳᠬᠠᠨ ᠠᠪᠬᠤ ᠶᠢ ᠵᠥᠪᠰᠢᠶᠡᠷᠡᠬᠦ ᠪᠥᠭᠡᠳ ᠣᠷᠣᠨ ᠨᠤᠲᠤᠭ ᠪᠣᠯᠣᠨ ᠲᠥᠪ ᠤᠨ ᠡᠳ᠋ ᠤᠨ ᠵᠠᠰᠠᠭ ᠠᠴᠠ ᠤᠯᠠᠮ ᠨᠢᠭᠡ ᠠᠯᠬᠤᠮ ᠳᠡᠮᠵᠢᠯᠭᠡ ᠦᠵᠡᠭᠦᠯᠦᠨ᠎ᠡ᠃ ᠬᠤᠶᠠᠷ ᠲᠤ᠂ ᠡᠨᠡ ᠵᠢᠯ ᠤᠨ ᠳᠥᠷᠪᠡᠳᠦᠭᠡᠷ ᠤᠯᠠᠷᠢᠯ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ 75% ᠶᠢᠨ ᠬᠠᠷᠢᠴᠠᠯ ᠢᠶᠠᠷ ᠭᠠᠶᠢᠯᠢ ᠲᠤᠰᠢᠶᠠᠬᠤ ᠠᠴᠠ ᠡᠮᠦᠨ᠎ᠡ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠠᠵᠢᠯ ᠲᠦᠷᠦᠯ ᠳᠤ ᠰᠠᠭᠤᠳᠬᠠᠨ ᠠᠪᠬᠤ ᠬᠠᠷᠢᠴᠠᠯ ᠢ 100% ᠬᠦᠷᠲᠡᠯ᠎ᠡ ᠨᠢᠭᠡᠳᠦᠯᠲᠡᠢ ᠳᠡᠭᠡᠭᠰᠢᠯᠡᠭᠦᠯᠵᠦ᠂ ᠲᠤᠨᠤᠭ ᠲᠥᠬᠦᠭᠡᠷᠦᠮᠵᠢ ᠶᠢ ᠥᠭᠡᠷᠡᠴᠢᠯᠡᠬᠦ ᠪᠠ ᠰᠢᠨᠡᠳᠬᠡᠬᠦ ᠶᠢ ᠨᠢ ᠵᠣᠷᠢᠭᠵᠢᠭᠤᠯᠤᠨ᠎ᠠ᠃ ᠭᠤᠷᠪᠠ ᠳᠤ᠂ ᠠᠵᠤ ᠠᠬᠤᠶᠢᠯᠠᠯ ᠠᠴᠠ ᠪᠡᠯᠡ ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠰᠠᠭᠤᠷᠢ ᠰᠤᠳᠤᠯᠭᠠᠨ ᠤ ᠵᠠᠷᠤᠯᠭ᠎ᠠ ᠶᠢ ᠭᠠᠶᠢᠯᠢ ᠲᠤᠰᠢᠶᠠᠬᠤ ᠠᠴᠠ ᠡᠮᠦᠨ᠎ᠡ ᠪᠥᠬᠦᠳᠡ ᠶᠢ ᠰᠠᠭᠤᠳᠬᠠᠨ ᠠᠪᠬᠤ ᠪᠠ ᠨᠡᠮᠡᠨ ᠪᠤᠳᠤᠵᠤ ᠰᠠᠭᠤᠳᠬᠠᠨ ᠠᠪᠬᠤ ᠶᠢ ᠨᠢ ᠵᠥᠪᠰᠢᠶᠡᠷᠡᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠰᠠᠭᠤᠷᠢ ᠲᠥᠬᠦᠭᠡᠷᠦᠮᠵᠢ ᠵᠡᠷᠭᠡ ᠨᠢ ᠬᠥᠭᠵᠢᠯᠲᠡ ᠪᠠ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠪᠡᠯᠡ ᠣᠷᠣᠭᠤᠯᠤᠯᠲᠠ ᠶᠢᠨ ᠣᠷᠣᠨ ᠵᠠᠢ ᠶᠡᠭᠡ ᠪᠣᠯᠬᠤᠷ ᠲᠤᠰᠬᠠᠢ ᠲᠦᠷᠦᠯ ᠤᠨ ᠥᠷᠢ ᠥᠭᠴᠡᠭᠡ ᠶᠢᠨ ᠨᠥᠬᠦᠪᠦᠷᠢ ᠶᠢ ᠦᠷᠭᠦᠯᠵᠢᠯᠡᠨ ᠰᠠᠶᠢᠲᠤᠷ ᠬᠡᠷᠡᠭᠯᠡᠵᠦ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠡᠢ᠃ ᠬᠤᠷᠠᠯ ᠠᠴᠠ᠂ ᠣᠷᠣᠨ ᠨᠤᠲᠤᠭ ᠤᠨ 2019 ᠣᠨ ᠠᠴᠠ ᠨᠠᠭᠠᠰᠢᠬᠢ ᠳ᠋ᠦᠩᠨᠡᠨ ᠦᠯᠡᠳᠡᠭᠡᠭᠰᠡᠨ 5000 ᠭᠠᠷᠤᠢ ᠳ᠋ᠦᠩᠰᠢᠭᠤᠷ ᠲᠥᠭᠦᠷᠢᠭ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠵᠤ᠂ 70% ᠢ ᠨᠢ ᠡᠯ᠎ᠡ ᠭᠠᠵᠠᠷ ᠤᠳ ᠦᠯᠡᠳᠡᠭᠡᠨ ᠬᠡᠷᠡᠭᠯᠡᠵᠦ᠂ 30% ᠢ ᠨᠢ ᠲᠥᠪ ᠤᠨ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠵᠢᠭᠦᠯᠦᠨ ᠬᠤᠪᠢᠶᠠᠷᠢᠯᠠᠬᠤ ᠶᠢᠨ ᠬᠠᠮᠲᠤ ᠪᠣᠯᠪᠠᠰᠤᠷᠠᠩᠭᠤᠢ ᠲᠦᠷᠦᠯ ᠵᠦᠢᠯ ᠢᠶᠠᠷ ᠤᠯᠠᠨ ᠪᠠᠶᠢᠬᠤ ᠭᠠᠵᠠᠷ ᠣᠷᠣᠨ ᠲᠡᠶᠢᠰᠢ ᠬᠡᠯᠪᠠᠶᠢᠯᠭᠡᠬᠦ ᠪᠠᠷ ᠲᠣᠭᠲᠠᠭᠠᠪᠠ᠃ ᠡᠯ᠎ᠡ ᠭᠠᠵᠠᠷ ᠤᠳ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠵᠤ ᠳᠠᠭᠤᠰᠬᠠᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠤᠷᠢᠳ ᠢᠶᠠᠷ ᠳᠡᠮᠵᠢᠵᠦ᠂ ᠵᠢᠯ ᠤᠨ ᠳᠣᠲᠣᠷ᠎ᠠ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ ᠪᠤᠰᠤᠳ ᠵᠦᠢᠯ ᠢ ᠰᠤᠳᠤᠯᠪᠠ᠃        
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ