ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠭᠤᠷᠪᠠᠳᠠᠬᠢ | ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠳᠤ ᠬᠤᠷᠠᠯᠳᠤᠪᠠ᠃ | ᠬᠤᠰᠢᠭᠤᠨ ᠤ ᠪᠠᠶᠢᠴᠠᠭᠠᠬᠤ ᠬᠤᠷᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 12 ᠪᠦᠷᠢᠯᠳᠦᠬᠦᠨ ᠨᠢᠭᠡᠴᠢ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠬᠤᠷᠠᠯ ᠠᠴᠠ ᠬᠡᠷᠡᠭ ᠤᠨ ᠵᠢᠱᠢᠶ᠎ᠡ ᠪᠠᠷ ᠭᠠᠷᠳᠠᠴᠠ ᠪᠣᠯᠭᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠥᠭᠡᠷᠡᠴᠢᠯᠡᠯᠲᠡ ᠶᠢᠨ ᠠᠬᠤᠶ ᠪᠠᠶᠢᠳᠠᠯ ᠪᠠ ᠠᠴᠢ ᠬᠤᠯᠪᠣᠭᠳᠠᠯ᠂ ᠪᠠᠶᠢᠴᠠᠭᠠᠬᠤ ᠪᠠᠶᠢᠭᠤᠯᠭ᠎ᠠ ᠶᠢᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠳᠠᠯ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠭᠤᠷᠪᠠᠳᠠᠬᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠵᠡᠷᠭᠡ ᠲᠠᠯ᠎ᠠ ᠠᠴᠠ ᠠᠵᠤ ᠠᠬᠤᠶᠢᠯᠠᠯ ᠤᠨ | ᠲᠣᠭᠲᠠᠭᠠᠯ ᠳᠤ ᠨᠡᠶᠢᠴᠡᠭᠰᠡᠨ ᠬᠠᠮᠢᠶ᠎ᠠ ᠪᠥᠬᠦᠶ ᠠᠭᠤᠯᠭ᠎ᠠ ᠶᠢ ᠲᠠᠨᠢᠯᠴᠠᠭᠤᠯᠤᠭᠰᠠᠨ ᠪᠥᠭᠡᠳ ︽ᠤᠷᠠᠳ ᠤᠨ ᠡᠮᠦᠨᠡᠲᠦ ᠬᠤᠰᠢᠭᠤᠨ ᠤ ᠬᠡᠷᠡᠭ ᠲᠤ ᠬᠤᠯᠪᠣᠭᠳᠠᠭᠰᠠᠨ | ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠭᠤᠷᠪᠠᠳᠠᠬᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠲᠤᠬᠠᠶ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠠᠶᠢᠯᠤᠮᠵᠢ ᠬᠢᠪᠠ᠃ | ᠡᠯ᠎ᠡ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠲᠣᠰ ᠪᠡᠶ᠎ᠡ ᠶᠢᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠤᠷᠢᠳ ᠬᠤᠵᠢᠳ ᠶᠠᠷᠢᠯᠴᠠᠬᠤ ᠶᠠᠷᠢᠶ᠎ᠠ | ᠲᠠᠯᠪᠢᠬᠤ ᠳᠤ ᠣᠷᠣᠯᠴᠠᠭᠰᠠᠨ ᠪᠥᠭᠡᠳ ︽ᠤᠷᠠᠳ ᠤᠨ ᠡᠮᠦᠨᠡᠲᠦ ᠬᠤᠰᠢᠭᠤᠨ ᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠭᠤᠷᠪᠠᠳᠠᠬᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠰᠠᠨᠠᠯ ᠨᠢᠭᠡᠲᠡᠶ ᠵᠥᠪᠰᠢᠶᠡᠷᠡᠪᠡ᠃ | | | | | ᠳᠠᠷᠠᠭ᠎ᠠ ᠨᠢ ᠡᠯ᠎ᠡ ᠪᠦᠷᠢᠯᠳᠦᠬᠦᠨ ᠨᠢᠭᠡᠴᠢ ᠬᠠᠮᠲᠤ ᠪᠠᠷ ᠭᠤᠷᠪᠠᠳᠠᠬᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ | ᠫᠠᠶᠢᠰᠠ ᠶᠢ ᠰᠡᠬᠦᠪᠡ᠃ | ᠣᠶᠢᠯᠠᠭᠠᠭᠰᠠᠨ ᠢᠶᠠᠷ᠂ ᠭᠤᠷᠪᠠᠳᠠᠬᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠨᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ | ᠪᠣᠯᠤᠭᠰᠠᠨ ᠤ ᠬᠤᠪᠢ ᠳᠤ᠂ ᠡᠯ᠎ᠡ ᠪᠦᠷᠢᠯᠳᠦᠬᠦᠨ ᠨᠢᠭᠡᠴᠢ ᠪᠣᠯ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠠᠬᠢᠭᠤᠯᠬᠤ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠡᠯ᠎ᠡ ᠪᠦᠷᠢᠯᠳᠦᠬᠦᠨ ᠨᠢᠭᠡᠴᠢ ᠬᠤᠶᠢᠰᠢᠳᠠ ᠨᠡᠪᠲᠡᠷᠡᠯᠴᠡᠭᠡ ᠬᠠᠮᠵᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠭᠤᠷᠪᠠᠳᠠᠬᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠤᠨ ᠬᠠᠮᠲᠤᠷᠠᠭᠰᠠᠨ ᠬᠤᠷᠠᠯ ᠂ ᠠᠯᠪᠠᠨ ᠬᠡᠷ᠂ ᠬᠤᠯᠪᠣᠭᠠᠴᠢᠨ ᠵᠡᠷᠭᠡ | ᠡᠯ᠎ᠡ ᠵᠦᠢᠯ ᠤᠨ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠨ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ | ᠥᠭᠡᠷᠡᠴᠢᠯᠡᠯᠲᠡ ᠬᠢᠬᠦ ᠶᠢ ᠲᠤᠰᠬᠠᠶᠢᠵᠢᠭᠤᠯᠬᠤ ᠪᠠ ᠳᠦᠷᠢᠮᠵᠢᠭᠰᠡᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ | ᠪᠠ ᠴᠢᠳᠠᠮᠠᠭᠠᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠷ ᠶᠠᠯᠠᠯᠠᠬᠤ ᠪᠠ ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠪᠥᠬᠦ ᠠᠵᠤ | ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠬᠦ ᠶᠠᠪᠤᠴᠠ ᠳᠤ ᠬᠥᠳᠡᠯᠭᠡᠬᠦ ᠬᠦᠴᠦᠨ ᠬᠥᠭᠵᠢᠭᠡᠬᠦ ᠶᠢ ᠠᠬᠢᠭᠤᠯᠤᠨ᠂ ᠥᠷᠢᠰᠥᠯᠳᠦᠬᠦ ᠬᠦᠴᠦᠨ ᠢ ᠨᠡᠮᠡᠭᠳᠡᠭᠦᠯᠵᠦ᠂ | ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠲᠥᠯᠥᠭᠡ᠂ ᠴᠢᠨᠠᠷ ᠰᠠᠶᠢᠲᠠᠢ ᠬᠥᠭᠵᠢᠯᠲᠡ ᠳᠤ ᠪᠠᠶᠢᠴᠠᠭᠠᠬᠤ ᠬᠦᠴᠦᠨ ᠢᠶᠠᠨ ᠡᠷᠭᠦᠨ᠎ᠡ᠃ |