ᠢᠷᠡᠬᠦ ᠵᠢᠯ ᠠᠴᠠ ᠡᠬᠢᠯᠡᠨ ᠡᠳᠡᠭᠡᠷ ᠲᠠᠸᠠᠷ ᠤᠨ ᠪᠣᠭᠤᠮᠲᠠ ᠶᠢᠨ ᠭᠠᠶᠢᠯᠢ ᠳᠤ ᠲᠣᠬᠢᠷᠠᠭᠤᠯᠤᠯᠲᠠ ᠬᠢᠨ᠎ᠡ
ᠨᠡᠶᠢᠲᠡᠯᠡᠭᠰᠡᠨ ᠴᠠᠭ᠄
2023/1/3
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠪᠣᠯᠤᠨ ᠨᠠᠮ ᠤᠨ ᠲᠥᠪ ᠬᠤᠷᠢᠶ᠎ᠠ᠂  ᠲᠥᠷᠥ ᠶᠢᠨ ᠶᠠᠪᠤᠳᠠᠯ ᠤᠨ  ᠬᠤᠷᠢᠶᠠᠨ ᠤ  ᠰᠢᠢᠳᠪᠣᠷᠢᠳᠤ ᠪᠣᠳᠣᠯᠭ᠎ᠠ  ᠪᠠᠶᠢᠷᠢᠯᠠᠭᠤᠯᠤᠯᠲᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠭᠠᠶᠢᠯᠢ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠤᠯᠪᠣᠭᠠᠰᠤ ᠴᠡᠭ ᠤᠨ ᠣᠶᠢᠯᠡᠳᠣᠯ ᠢ ᠬᠦᠢᠴᠡᠳ ᠪᠠᠳᠠᠷᠠᠭᠤᠯᠵᠤ᠂ ᠳᠡᠭᠡᠳᠤ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠬᠦᠴᠦᠨ  ᠨᠡᠮᠡᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠯᠪᠠᠨ ᠵᠠᠷ ᠨᠡᠶᠢᠲᠡᠯᠡᠵᠦ᠂  2023 ᠣᠨ ᠳᠤ ᠬᠡᠰᠡᠭ ᠲᠠᠸᠠᠷ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠶᠢᠨ ᠭᠠᠶᠢᠯᠢ ᠳᠤ ᠲᠣᠬᠢᠷᠠᠭᠤᠯᠤᠯᠲᠠ ᠬᠢᠬᠦ ᠪᠠᠷ ᠪᠠᠶᠢᠨ᠎ᠠ᠃  ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠥᠢᠯ ᠤᠨ ᠡᠬᠢ  ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠤᠯ ᠢ ᠴᠢᠩᠭᠠᠳᠬᠠᠬᠤ ᠶᠢᠨ ᠲᠤᠰᠠᠲᠠ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ 1020 ᠵᠥᠢᠯ ᠤᠨ ᠲᠠᠸᠠᠷ ᠲᠤ ᠬᠠᠮᠤᠭ ᠤᠨ ᠬᠠᠷᠠᠭᠠᠯᠵᠠᠯᠲᠤ  ᠤᠯᠤᠰ ᠤᠨ ᠭᠠᠶᠢᠯᠢ ᠶᠢᠨ ᠨᠣᠷᠮ᠎ᠠ ᠠᠴᠠ ᠪᠠᠰᠠ ᠳᠤᠤᠷ᠎ᠠ ᠭᠠᠳᠠᠭᠠᠳᠤ ᠠᠴᠠ ᠣᠷᠣᠭᠤᠯᠬᠤ ᠲᠦᠷ ᠴᠠᠭ ᠤᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ