ᠬᠢᠯᠢ ᠪᠠᠷ ᠣᠷᠤᠵᠤ ᠢᠷᠡᠬᠦ ᠪᠦᠬᠦ ᠬᠦᠮᠦᠰ ᠰᠠᠨᠠᠭ᠎ᠠ ᠠᠮᠠᠷᠠᠯ᠎ᠠ
ᠨᠡᠶᠢᠲᠡᠯᠡᠭᠰᠡᠨ ᠴᠠᠭ᠄
2023/1/3
     12 ᠳ᠋ᠤᠭᠠᠷ ᠰᠠᠷ᠎ᠠ ᠶᠢᠨ 28 ᠤ ᠡᠳᠦᠷ ᠪᠣᠭᠤᠮᠲᠠ ᠶᠢᠨ ᠶᠡᠷᠦᠩᠬᠡᠢ ᠵᠠᠬᠢᠷᠭ᠎ᠠ ᠠᠴᠠ 2022 ᠣᠨ ᠤ 131ᠳ᠋ᠦ᠋ᠭᠡᠷ ᠲᠣᠭᠠᠲᠤ ᠠᠯᠪᠠᠨ ᠵᠠᠷᠯᠠᠯ ᠢ ᠨᠡᠶᠢᠲᠡᠯᠡᠵᠡᠢ᠃                    ᠨᠢᠭᠡ᠂ 2023 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠬᠢᠯᠡᠨ᠂ ᠬᠢᠯᠢ ᠪᠠᠷ ᠣᠷᠤᠵᠤ ᠢᠷᠡᠬᠦ ᠪᠦᠬᠦ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠬᠦᠴᠦᠨ ᠦᠭᠡᠢ ᠪᠣᠯᠭᠠᠵᠤ᠂  ᠬᠢᠯᠢ ᠪᠠᠷ ᠣᠷᠤᠵᠤ ᠢᠷᠡᠬᠦ ᠪᠦᠬᠦ ᠬᠦᠮᠦᠰ ᠴᠦᠮ ᠱᠠᠭᠠᠷᠳᠠᠯᠭ᠎ᠠ ᠶᠤᠰᠤᠭᠠᠷ ᠪᠣᠭᠤᠮᠲᠠ ᠶᠢᠨ ᠵᠠᠬᠢᠷᠭᠠᠨ ᠳᠤ ᠬᠢᠯᠢ ᠪᠠᠷ ᠣᠷᠤᠵᠤ ᠢᠷᠡᠬᠦ ᠠᠴᠠ ᠡᠮᠦᠨᠡᠬᠢ 48ᠴᠠᠭ ᠤᠨ ᠳᠤᠲᠤᠷᠠᠬᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠢᠶᠠᠨ ᠳᠡᠪᠰᠢᠭᠦᠯᠬᠦ ᠬᠡᠷᠡᠭᠲᠡᠢ᠃                     ᠬᠤᠶᠠᠷ᠂ ᠬᠠᠮᠢᠶᠠᠲᠠᠢ ᠮᠤᠵᠢ ᠥᠪᠡᠷᠲᠡᠭᠡᠨ ᠵᠠᠰᠠᠬᠤ ᠣᠷᠤᠨ ᠤ ᠬᠢᠨ ᠠᠯᠬᠤᠮ ᠳᠠᠷᠠᠭᠠᠯᠠᠯ  ᠲᠠᠢ ᠪᠠᠷ ᠳᠥᠷᠦᠯ ᠬᠤᠪᠢᠶᠠᠵᠤ ᠬᠢᠯᠢ ᠶᠢᠨ ᠪᠤᠭᠤᠮᠲᠠ ᠪᠠᠷ ᠣᠷᠤᠭᠤᠯᠬᠤ ᠡᠳ᠋ ᠪᠠᠷᠠᠭ᠎ᠠ ᠪᠠ ᠠᠶᠠᠨᠴᠢᠤᠨ ᠢ ᠵᠥᠭᠡᠭᠡᠪᠦᠷᠢᠯᠡᠬᠦ ᠵᠠᠮ ᠢ ᠡᠮᠬᠢ ᠴᠡᠭᠴᠡ ᠲᠠᠢ‌‍ᠲ᠋ᠣᠬᠢᠷᠠᠮᠵᠢ ᠲᠠᠢ ᠪᠠᠷ ᠰᠢᠯᠤᠭᠤᠤᠨᠬᠠᠬᠤ ᠬᠡᠷᠡᠭᠲᠡᠢ᠃                    ᠭᠤᠷᠪᠠ᠂ 2023 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠬᠢᠯᠡᠨ᠂  ᠭᠠᠳᠠᠭᠠᠳᠤ ᠠᠴᠠ ᠣᠷᠤᠭᠤᠯᠬᠤ ᠪᠦᠬᠦ  ᠬᠥᠯᠳᠡᠭᠦᠦ ᠢᠳᠡᠭᠡᠨ ᠪᠠ ᠬᠥᠯᠳᠡᠭᠦᠦ ᠪᠤᠰᠤ ᠡᠳ᠋ ᠪᠠᠷᠠᠭᠠᠨ ᠤ ᠪᠤᠭᠤᠮᠲᠠ ᠪᠠᠷ ᠣᠷᠤᠭᠤᠯᠬᠤ ᠳᠠᠮᠵᠢᠯᠭ᠎ᠠ ᠳᠤ ᠴᠢᠭᠯᠡᠭᠦᠯᠦᠭᠰᠡᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠵᠢ‌‍ᠬᠦ᠋ᠴᠦᠨ ᠦᠭᠡᠢ ᠪᠣᠯᠭᠠᠬᠤ ᠪᠠᠷ ᠪᠠᠶᠢᠨ᠎ᠠ
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ