ᠡᠳᠡᠭᠡᠷ ᠠᠷᠭ᠎ᠠ ᠬᠡᠮᠵᠢᠶ᠎ᠡ ᠶᠢ ᠳᠠᠬᠢᠵᠤ ᠬᠡᠷᠡᠭᠵᠢᠭᠦᠯᠬᠦ ᠦᠭᠡᠢ
ᠨᠡᠶᠢᠲᠡᠯᠡᠭᠰᠡᠨ ᠴᠠᠭ᠄
2023/1/3
    ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠢᠷᠡᠬᠦ ᠵᠢᠯ ᠤᠨ1 ᠳ᠋ᠣᠭᠡᠷ ᠰᠠᠷ᠎ᠠ ᠶᠢᠨ 8 ᠤ ᠡᠳᠦᠷ ᠠᠴᠠ ᠡᠬᠢᠯᠡᠨ ᠣᠯᠠᠨ ᠤᠯᠤᠰ ᠤᠨ ᠠᠶᠠᠨᠴᠢᠳ ᠤᠨ ᠡᠭᠡᠯᠵᠢ ᠶᠢᠨ ᠨᠢᠰᠬᠡᠯ ᠳᠤ ︽ᠲᠠᠪᠤᠨ ᠨᠢᠭᠡ︾ ᠶᠢᠨ ᠠᠷᠭ᠎ᠠ ᠬᠡᠮᠵᠢᠶ᠎ᠡ ᠠᠪᠬᠤ ᠦᠭᠡᠢ ᠭᠡᠵᠦ ᠨᠡᠶᠢᠲᠡᠯᠡᠪᠡ᠃           ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠭᠰᠠᠨ ︽ᠣᠯᠠᠨ‌ᠤᠯᠤᠰ ᠤᠨ ᠠᠶᠠᠨᠴᠢᠳ ᠤᠨ ᠡᠭᠡᠯᠵᠢ ᠶᠢᠨ ᠨᠢᠰᠬᠡᠯ ᠤᠨ ᠠᠵᠢᠯ ᠤᠨ ᠲᠥᠰᠥᠯ ᠢ ᠰᠡᠷᠭᠦᠭᠡᠬᠦ ᠲᠤᠬᠠᠢ ᠮᠡᠳᠡᠭᠳᠡᠯ︾ ᠳᠤ᠂ ᠣᠯᠠᠨ‌ᠤᠯᠤᠰ ᠤᠨ ᠠᠶᠠᠨᠴᠢᠳ ᠤᠨ ᠡᠭᠡᠯᠵᠢ ᠶᠢᠨ ᠨᠢᠰᠬᠡᠯ ᠤᠨ ᠡᠵᠡᠩᠨᠡᠯᠲᠡ ᠪᠠᠨ ᠰᠡᠷᠭᠦᠭᠡᠬᠦ ᠶᠢ  ᠯᠠᠪᠳᠠᠭᠤᠨ ᠢᠶᠠᠷ ᠲᠦᠯᠬᠢᠨ ᠠᠬᠢᠭᠤᠯᠵᠤ᠂ 2023 ᠣᠨ ᠤ 1 ᠳ᠋ᠣᠭᠡᠷ ᠰᠠᠷ᠎ᠠ ᠶᠢᠨ 8 ᠤ ᠡᠳᠦᠷ ᠠᠴᠠ ᠡᠬᠢᠯᠡᠨ᠂  ᠣᠯᠠᠨ ᠤᠯᠤᠰ ᠤᠨ ᠠᠶᠠᠨᠴᠢᠳ ‍ᠤᠨ‌ᠡᠭᠡᠯᠵᠢ ᠶᠢᠨ ᠨᠢᠰᠬᠡᠯ ᠳᠤ ︽ᠲᠠᠪᠤᠨ ᠨᠢᠭᠡ︾ ᠪᠠ ︽ᠨᠢᠭᠡ ᠤᠯᠤᠰ ᠲᠤ ᠨᠢᠭᠡ ᠪᠣᠳᠣᠯᠭ᠎ᠠ ᠠᠪᠬᠤ︾  ᠵᠡᠷᠭᠡ  ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠳᠠᠭᠢᠵᠤ ᠬᠡᠷᠡᠭᠵᠢᠭᠦᠯᠬᠦ ᠦᠭᠡᠢ᠂ ᠳᠤᠮᠳᠠᠳᠤ ᠭᠠᠳᠠᠭᠠᠳᠤ ᠶᠢᠨ ᠠᠭᠠᠷ ᠤᠨ ᠠᠶᠠᠯᠠᠯ ᠤᠨ ᠺᠣᠮᠫᠠᠨᠢ‌ᠬᠤᠶᠠᠷ ᠲᠠᠯ᠎ᠠ ᠶᠢᠨ ᠲᠡᠭᠡᠭᠡᠪᠦᠷᠢ ᠶᠢᠨ ᠬᠡᠯᠡᠯᠴᠡᠭᠡᠷ ᠶᠣᠰᠣᠭᠠᠷ ᠲᠣᠭᠲᠠᠮᠠᠯ ᠬᠤᠭᠤᠴᠠᠭᠠᠲᠤ ᠠᠶᠠᠨᠴᠢᠳ ᠤᠨ ᠡᠭᠡᠯᠵᠢ ᠶᠢᠨ ᠨᠢᠰᠬᠡᠯ ᠢ ᠲᠣᠬᠢᠷᠠᠭᠤᠯᠤᠨ ᠠᠵᠢᠯᠯᠠᠭᠤᠯᠤᠨ᠎ᠠ ᠭᠡᠵᠦ ᠳᠤᠷᠠᠳᠤᠨ ᠭᠠᠷᠭᠠᠵᠠᠢ᠃            ᠮᠡᠳᠡᠭᠳᠡᠯ ᠳᠤ᠂ ᠬᠢᠯᠢ ᠳᠤ ᠣᠷᠣᠵᠤ ᠢᠷᠡᠬᠦ ᠦᠨᠳᠦᠷ ᠲᠦᠭᠰᠢᠬᠦᠷᠢᠳᠡᠢ ᠡᠭᠡᠯᠵᠢ ᠶᠢᠨ ᠨᠢᠰᠬᠡᠯ ᠭᠡᠵᠣ ᠳᠠᠭᠢᠵᠤ ᠲᠣᠳᠣᠷᠬᠠᠶᠢᠯᠠᠬᠤ ᠦᠭᠡᠢ᠂ ᠬᠢᠯᠢ ᠳᠤ ᠣᠷᠣᠵᠤ ᠢᠷᠡᠬᠦ ᠡᠭᠡᠯᠵᠢ ᠶᠢᠨ ᠨᠢᠰᠬᠡᠯ ᠤᠨ 75%  ᠶᠢᠨ  ᠰᠠᠭᠤᠳᠠᠯ ᠤᠨ  ᠨᠣᠷᠮ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠨ᠎ᠠ ᠭᠡᠵᠣ ᠲᠣᠭᠳᠠᠭᠠᠪᠠ᠃    
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋